ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠬᠠᠷᠠᠴᠢᠨ ᠬᠤᠰᠢᠭᠤᠨ ᠤ 2020 ᠣᠨ ᠤ ᠲᠠᠷᠢᠶᠠᠨ ᠭᠠᠵᠠᠷ ᠤᠨ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠮᠥᠩᠭᠦ ᠣᠯᠭᠤᠬᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠮᠡᠳᠡᠭᠳᠡᠯ
ᠨᠡᠶᠢᠲᠡᠯᠡᠭᠰᠡᠨ ᠴᠠᠭ᠄
2020/7/2
ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠬᠠᠷᠠᠴᠢᠨ ᠬᠤᠰᠢᠭᠤᠨ ᠤ 2020 ᠣᠨ ᠤ ᠲᠠᠷᠢᠶᠠᠨ ᠭᠠᠵᠠᠷ ᠤᠨ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠮᠥᠩᠭᠦ ᠣᠯᠭᠤᠬᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠮᠡᠳᠡᠭᠳᠡᠯ    ᠬᠠᠷᠠᠴᠢᠨ ᠵᠠᠰᠠᠭ ᠥᠰᠥᠭ ︹ 2020 ︺54 ᠳ᠋ᠦᠭᠡᠷ ᠲᠣᠭᠠᠲᠤᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠄ᠡᠳᠦᠭᠡ ︽ᠬᠠᠷᠠᠴᠢᠨ ᠬᠤᠰᠢᠭᠤᠨ ᠤ 2020 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠪᠠᠯᠠ ᠮᠥᠩᠭᠦ ᠣᠯᠭᠤᠬᠤ ᠶᠢ ᠬᠡᠷᠡᠭᠵᠢᠭᠦᠯᠬᠦ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠃ ︽ᠲᠥᠰᠦᠯ︾ ᠤᠨ ᠱᠠᠭᠠᠷᠳᠠᠯᠭ᠎ᠠ ᠶᠣᠰᠣᠭᠠᠷ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠲᠠᠷᠢᠶᠠᠨ ᠭᠠᠵᠠᠷ ᠤᠨ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠪᠠᠯᠠ ᠮᠥᠩᠭᠦ ᠲᠠᠷᠬᠠᠭᠠᠬᠤ ᠠᠵᠢᠯ ᠢ ᠲᠣᠭᠲᠠᠭᠠᠯ ᠶᠣᠰᠣᠭᠠᠷ ᠶᠠᠪᠤᠭᠳᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃                                     2020 ᠣᠨ ᠤ 4 ᠰᠠᠷ᠎ᠠ ᠶᠢᠨ 8 ᠤ ᠡᠳᠦᠷᠬᠠᠷᠠᠴᠢᠨ ᠬᠤᠰᠢᠭᠤᠨ ᠤ 2020 ᠣᠨ ᠤ ᠲᠠᠷᠢᠶᠠᠨ ᠭᠠᠵᠠᠷ ᠤᠨ  ᠰᠢᠮ᠎ᠡ ᠶᠢ ᠬᠠᠮᠠᠭᠠᠯᠠᠬᠤ ᠨᠥᠬᠦᠪᠥᠷᠢ ᠪᠡᠯᠡ ᠮᠥᠩᠭᠦ ᠣᠯᠭᠤᠬᠤ ᠬᠡᠷᠡᠭᠵᠢᠭᠦᠯᠬᠦ ᠲᠥᠰᠦᠯᠲᠠᠷᠢᠶᠠᠯᠠᠩ ᠤᠨ ᠨᠥᠬᠦᠪᠥᠷᠢ ᠶᠢᠨ ᠳᠦᠷᠢᠮ ᠢ ᠤᠯᠠᠮ ᠨᠢᠭᠡ ᠠᠯᠬᠤᠮ ᠥᠭᠡᠷᠡᠴᠢᠯᠡᠨ ᠲᠡᠭᠦᠯᠳᠡᠷᠵᠢᠭᠦᠯᠬᠦ ᠶᠢᠨ ᠲᠥᠯᠥᠭᠡ᠂ ᠲᠠᠷᠢᠮᠠᠯ ᠤᠨ ᠰᠠᠶᠢᠨ ᠦᠷ᠎ᠡ ᠶᠢᠨ ᠨᠥᠬᠦᠪᠥᠷᠢ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠰᠢᠭᠤᠳ ᠨᠥᠬᠦᠪᠥᠷᠢ ᠪᠣᠯᠣᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠡᠷᠦᠩᠬᠡᠶᠢᠯᠡᠭᠰᠡᠨ ᠨᠥᠬᠦᠪᠥᠷᠢ ᠵᠡᠷᠭᠡ ᠲᠠᠷᠢᠶᠠᠯᠠᠩ ᠤᠨ ︽ᠭᠤᠷᠪᠠᠨ ᠵᠦᠶ᠋ᠯ ᠤᠨ ᠨᠥᠬᠦᠪᠥᠷᠢ︾ ᠶᠢ ᠨᠡᠶᠢᠯᠡᠭᠦᠯᠦᠭᠡᠳ ︽ᠲᠠᠷᠢᠶᠠᠨ ᠭᠠᠵᠠᠷ ᠤᠨ ᠭᠠᠵᠠᠷ ᠤᠨ  ᠰᠢᠮ᠎ᠡ ᠶᠢ ᠬᠠᠮᠠᠭᠠᠯᠠᠬᠤ ᠨᠥᠬᠦᠪᠥᠷᠢ︾ ᠪᠣᠯᠭᠠᠵᠤ᠂ ᠲᠥᠷᠥ ᠶᠢᠨ ᠪᠣᠳᠣᠯᠭ᠎ᠠ ᠶᠢᠨ ᠬᠠᠷᠠᠯᠲᠠ ᠶᠢ ᠲᠠᠷᠢᠶᠠᠨ ᠭᠠᠵᠠᠷ ᠤᠨ ᠭᠠᠵᠠᠷ ᠤᠨ ᠰᠢᠮ᠎ᠡ ᠶᠢ ᠬᠠᠮᠠᠭᠠᠯᠠᠬᠤ ᠪᠠ ᠠᠮᠤ ᠪᠤᠳᠠᠭᠠᠨ ᠤ ᠵᠣᠬᠢᠰᠲᠠᠶ ᠬᠡᠪᠴᠢᠶᠡᠲᠦ ᠡᠵᠡᠩᠨᠡᠯᠲᠡ ᠶᠢ ᠳᠡᠮᠵᠢᠬᠦ ᠪᠣᠯᠭᠠᠨ ᠳᠤᠬᠢᠷᠠᠭᠤᠯᠤᠨ᠎ᠠ᠃ ︽ᠤᠯᠠᠭᠠᠨᠬᠠᠳᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶ᠎ᠠ ᠶᠢᠨ ︿ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠭᠤᠷᠪᠠᠨ ᠵᠦᠢᠯ ᠤᠨ ᠨᠥᠬᠦᠪᠥᠷᠢ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠤᠬᠠᠶ ᠮᠡᠳᠡᠭᠳᠡᠯ ︵ᠤᠯᠠᠭᠠᠨᠬᠠᠳᠠ ᠡᠳ᠋ ᠤᠨ ᠵᠠᠰᠠᠭ ᠲᠠᠷᠢᠶᠠᠯᠠᠩ  ︵︹ 2016 ︺306 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠢ ᠦᠨᠳᠦᠰᠦᠯᠡᠨ᠂ ᠮᠠᠨ ᠤ ᠬᠤᠰᠢᠭᠤᠨ ᠤ ᠲᠠᠷᠢᠶᠠᠨ ᠭᠠᠵᠠᠷ ᠤᠨ ᠰᠢᠮ᠎ᠡ ᠶᠢ ᠬᠠᠮᠠᠭᠠᠯᠠᠬᠤ ᠨᠥᠬᠦᠪᠥᠷᠢ ᠮᠥᠩᠭᠦ ᠲᠠᠷᠬᠠᠭᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠤ ᠪᠠᠢᠳᠠᠯ ᠲᠠᠢ ᠤᠶᠠᠯᠳᠤᠭᠤᠯᠤᠨ᠂ ᠲᠤᠰ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠲᠤᠭᠲᠠᠭᠠᠪᠠ᠄ ᠨᠢᠭᠡ᠂ ᠴᠢᠬᠤᠯᠠ ᠠᠴᠢ ᠬᠤᠯᠪᠣᠭᠳᠠᠯᠲᠠᠷᠢᠶᠠᠨ ᠭᠠᠵᠠᠷ ᠤᠨ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠨᠢ ᠥᠷᠭᠡᠨ ᠣᠯᠠᠨ ᠲᠠᠷᠢᠶᠠᠴᠢᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠂ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠬᠤ  ᠲᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠨᠢ ︽ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠭᠤᠷᠪᠠᠨ ᠵᠦᠶ᠋ᠯ ᠤᠨ ᠨᠥᠬᠦᠪᠥᠷᠢ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠲᠥᠰᠦᠯ︾ ︵ᠤᠯᠠᠭᠠᠨᠬᠠᠳᠠ ᠡᠳ᠋ ᠤᠨ ᠵᠠᠰᠠᠭ ᠲᠠᠷᠢᠶᠠᠯᠠᠩ ︹ 2016 ︺306︶ ᠪᠠ ︽ᠲᠠᠷᠢᠶᠠᠯᠠᠩ ᠢ ᠲᠡᠳᠬᠦᠨ ᠬᠠᠮᠠᠭᠠᠯᠠᠬᠤ ᠨᠥᠬᠦᠪᠥᠷᠢ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ ᠤᠯᠠᠭᠠᠨᠬᠠᠳᠠ ᠡᠳ᠋ ᠤᠨ  ᠵᠠᠰᠠᠭ ᠲᠠᠷᠢᠶᠠᠯᠠᠩ ︹ 2016 ︺ 407 ᠳ᠋ᠤᠭᠠᠷ ᠲᠣᠭᠠᠲᠤ  ᠳᠠᠮᠵᠢᠭᠤᠯᠬᠤ︶ ᠶᠢᠨ ᠱᠠᠭᠠᠷᠳᠠᠯᠭ᠎ᠠ ᠶᠣᠰᠣᠭᠠᠷ᠂ ᠦᠨᠡᠨ ᠪᠣᠳᠠᠲᠠᠶ ᠠᠷᠭ᠎ᠠ ᠬᠡᠮᠵᠢᠶ᠎ᠡ ᠠᠪᠴᠤ᠂ ᠲᠥᠷᠥ ᠶᠢᠨ ᠪᠣᠳᠣᠯᠭ᠎ᠠ ᠶᠢᠨ ᠪᠣᠳᠠᠲᠠᠢ ᠬᠡᠷᠡᠭᠵᠢᠭᠦᠯᠦᠭᠳᠡᠬᠦ ᠶᠢ ᠪᠠᠳᠤᠯᠠᠬᠤ ᠬᠡᠷᠡᠭᠲᠡᠢ᠃ᠬᠤᠶᠠᠷ᠂ ᠪᠣᠳᠠᠲᠠᠶ ᠠᠭᠤᠯᠭ᠎ᠠ1.  ᠪᠡᠯᠡ ᠮᠥᠩᠭᠦ ᠶᠢᠨ ᠨᠥᠬᠦᠪᠥᠷᠢ ᠬᠦᠷᠲᠡᠬᠦ ᠡᠲᠡᠭᠡᠳ᠃ ᠲᠠᠷᠢᠶᠠᠨ ᠭᠠᠵᠠᠷ ᠳᠠᠭᠠᠭᠠᠴᠢᠯᠠᠬᠤ ᠡᠷᠬᠡ ᠲᠠᠢ ᠲᠠᠷᠢᠶ᠎ᠠ ᠲᠠᠷᠢᠬᠤ ᠲᠠᠷᠢᠶᠠᠴᠢᠨ᠃2.  ᠪᠡᠯᠡ ᠮᠥᠩᠭᠦ ᠶᠢᠨ ᠨᠥᠬᠦᠪᠥᠷᠢ ᠦᠭᠬᠦ ᠬᠡᠪᠴᠢᠶ᠎ᠡ᠃ ᠨᠥᠬᠦᠪᠥᠷᠢ ᠪᠡᠯᠡ ᠮᠥᠩᠭᠦ ᠶᠢ ᠵᠠᠷᠴᠢᠮ ᠳᠡᠭᠡᠷ᠎ᠡ ᠪᠠᠨ ᠲᠠᠷᠢᠶᠠᠨ ᠭᠠᠵᠠᠷ ᠤᠨ ᠲᠠᠯᠠᠪᠠᠢ ᠲᠠᠢ ᠬᠤᠯᠪᠣᠭᠳᠠᠭᠤᠯᠤᠨ᠎ᠠ᠂ ᠲᠠᠷᠢᠶᠠᠨ ᠭᠠᠵᠠᠷ ᠤᠨ ᠲᠠᠯᠠᠪᠠᠶ ᠶᠢ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠭᠰᠠᠨ ᠦᠨᠡᠮᠯᠡᠯ ᠣᠯᠭᠤᠭᠰᠠᠨ ᠲᠠᠯᠠᠪᠠᠶ ᠪᠠᠷ ᠰᠠᠭᠤᠷᠢ ᠪᠣᠯᠭᠠᠵᠤ᠂ ᠲᠦᠷ ᠬᠡᠷᠡᠭᠯᠡᠬᠦ ᠡᠷᠬᠡ ᠶᠢ ᠨᠢ ᠨᠤᠲᠠᠯᠠᠨ ᠲᠣᠭᠲᠠᠭᠠᠭᠰᠠᠨ ᠦᠭᠡᠶ ᠲᠠᠷᠢᠶᠠᠨ ᠭᠠᠵᠠᠷ ᠲᠤ ᠤᠤᠯ ᠤᠨ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠠᠶᠢᠯᠢ ᠪᠣᠳᠣᠬᠤ ᠲᠠᠯᠠᠪᠠᠢ ᠪᠠᠷ ᠰᠠᠭᠤᠷᠢ ᠪᠣᠯᠭᠠᠵᠤ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠳᠠᠭᠤᠰᠤᠭᠰᠠᠨ ᠤ ᠳᠠᠷᠠᠭ᠎ᠠ᠂ ᠡᠷᠬᠡ ᠶᠢ ᠨᠤᠲᠠᠯᠠᠨ ᠦᠨᠡᠮᠯᠡᠯ ᠣᠯᠭᠤᠭᠰᠠᠨ ᠲᠠᠯᠠᠪᠠᠶ ᠪᠠᠷ ᠲᠤᠭᠠᠴᠠᠯᠳᠠ ᠬᠢᠨ᠎ᠡ᠃ ᠨᠢᠭᠡᠨᠲᠡ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠲᠠᠯᠠᠪᠠᠢ ᠪᠣᠯᠭᠠᠨ ᠬᠡᠷᠡᠭᠯᠡᠭᠰᠡᠨ ᠲᠠᠷᠢᠶᠠᠨ ᠭᠠᠵᠠᠷ᠂ ᠣᠶᠢᠲᠤ ᠭᠠᠵᠠᠷ ᠂ ᠬᠡᠰᠡᠭ ᠠᠮᠤ ᠪᠤᠳᠠᠭᠠᠨ ᠤ ᠲᠠᠷᠢᠶ᠎ᠠ ᠶᠢ ᠲᠥᠬᠦᠭᠡᠷᠦᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠵᠤ᠂ ᠲᠠᠷᠢᠶᠠᠨ ᠭᠠᠵᠠᠷ ᠢ ᠲᠠᠷᠢᠶᠠᠯᠠᠩ ᠤᠨ ᠪᠤᠰᠤ ᠲᠠᠲᠠᠪᠤᠷᠢᠯᠠᠨ ︵ᠡᠵᠡᠯᠡᠬᠦ︶ ᠬᠡᠷᠡᠭᠯᠡᠭᠰᠡᠨ ᠵᠡᠷᠭᠡ ᠬᠡᠷᠡᠭᠴᠡᠭᠡ ᠪᠠᠨ ᠨᠢᠭᠡᠨᠲᠡ ᠬᠤᠪᠢᠷᠠᠭᠤᠯᠤᠭᠰᠠᠨ ᠲᠠᠷᠢᠶᠠᠨ ᠭᠠᠵᠠᠷ ᠵᠢᠴᠢ ᠤᠷᠲᠤ ᠬᠤᠭᠤᠴᠠᠭ᠎ᠠ ᠪᠠᠷ ᠠᠲᠠᠷᠰᠢᠭᠤᠯᠤᠭᠰᠠᠨ ᠭᠠᠵᠠᠷ ᠰᠢᠷᠣᠶ᠂ ᠨᠢᠭᠡᠨᠲᠡ ᠲᠠᠲᠠᠪᠤᠷᠢᠯᠠᠨ ᠡᠵᠡᠯᠡᠵᠦ  ᠰᠢᠯᠵᠡᠭᠦᠯᠦᠨ ᠬᠤᠳᠠᠯᠳᠤᠭᠰᠠᠨ ᠭᠠᠵᠠᠷ ᠰᠢᠷᠣᠶ᠂ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠯᠬᠦ ᠠᠵᠢᠯ ᠳᠤᠮᠳᠠ ︽ ᠨᠦᠬᠦᠪᠦᠷᠢᠯᠡᠬᠦ︾ ᠲᠠᠯᠠᠪᠠᠢ ᠪᠣᠯᠤᠨ ᠶᠠᠰᠤ ᠴᠢᠨᠠᠷ ᠨᠢ ᠲᠠᠷᠢᠶᠠᠯᠠᠬᠤ ᠨᠥᠬᠦᠴᠡᠯ ᠳᠤ ᠬᠦᠷᠬᠦ ᠦᠭᠡᠢ ᠵᠡᠷᠭᠡ ᠲᠠᠷᠢᠶᠠᠨ ᠭᠠᠵᠠᠷ ᠲᠤ ᠳᠠᠬᠢᠵᠤ ᠨᠥᠬᠦᠪᠥᠷᠢ ᠥᠭᠬᠦ ᠦᠭᠡᠢ᠃3. ᠨᠥᠬᠦᠪᠥᠷᠢ ᠪᠡᠯᠡ ᠮᠥᠩᠭᠦ ᠶᠢᠨ ᠬᠤᠪᠢᠶᠠᠷᠢᠯᠠᠯᠲᠠ᠃ ᠬᠤᠰᠢᠭᠤᠨ ᠤ ᠵᠠᠰᠠᠭ ᠤᠨ ᠣᠷᠳᠣᠨ ᠨᠢ ᠬᠤᠲᠠ ᠶᠢᠨ ᠪᠠᠭᠤᠯᠭᠠᠭᠰᠠᠨ ᠪᠡᠯᠡ ᠮᠥᠩᠭᠦ ᠶᠢᠨ ᠶᠡᠷᠦᠩᠬᠡᠶ ᠬᠡᠮᠵᠢᠶ᠎ᠡ ᠵᠢᠴᠢ ᠨᠥᠬᠦᠪᠦᠷᠢ ᠥᠭᠬᠦ ᠨᠥᠬᠦᠴᠡᠯ ᠳᠤ ᠨᠡᠶᠢᠴᠡᠬᠦ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠢ ᠨᠤᠲᠠᠯᠠᠭᠰᠠᠨ ᠲᠠᠯᠠᠪᠠᠢ ᠶᠢ ᠶᠡᠷᠦᠩᠬᠡᠶᠢᠯᠡᠨ ᠲᠥᠰᠦᠭᠡᠯᠡᠨ ᠪᠣᠳᠣᠵᠤ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠨᠢ ᠡᠨᠡ ᠬᠦ ᠠᠷᠭ᠎ᠠ ᠪᠠᠷ ᠭᠠᠴᠠᠭ᠎ᠠ ᠪᠠ ᠡᠷᠦᠬᠡ ᠳᠤ ᠬᠦᠷᠲᠡᠯ᠎ᠡ ᠲᠤᠭᠠᠴᠠᠯᠠᠨ ᠪᠣᠳᠣᠨ᠎ᠠ᠃4. ᠡᠰᠢ ᠰᠦᠷᠡᠯ ᠢ ᠵᠠᠳᠠᠭᠠᠶ ᠰᠢᠲᠠᠭᠠᠬᠤ ᠶᠢ ᠴᠢᠩᠭ᠎ᠠ ᠴᠠᠭᠠᠵᠠᠯᠠᠨ᠎ᠠ᠃ ᠤᠯᠤᠰ  ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠳᠡᠭᠡ ᠠᠵᠤ ᠠᠬᠤᠢ ᠶᠢᠨ ᠶᠠᠮᠤᠨ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠶᠠᠮᠤᠨ ᠤ ︽ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠰᠢᠲᠠᠭᠠᠬᠤ ᠶᠢ ᠬᠤᠷᠢᠭᠯᠠᠬᠤ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠲᠤᠭᠤᠷᠢᠨ ﹇2013﹈ 930 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠲᠠᠷᠢᠶᠠᠨ ᠭᠠᠵᠠᠷ ᠤᠨ ᠭᠠᠵᠠᠷ ᠤᠨ ᠰᠢᠮ᠎ᠡ ᠶᠢ ᠰᠡᠷᠭᠦᠭᠡᠬᠦ ᠪᠠ ᠳᠡᠭᠡᠭᠰᠢᠯᠡᠭᠦᠯᠬᠦ ᠶᠢ ᠪᠠᠲᠤᠯᠠᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠵᠦ᠂  ᠠᠭᠠᠷ ᠮᠠᠨᠳᠠᠯ ᠤᠨ ᠪᠣᠬᠢᠷᠲᠤᠯ ᠢ ᠪᠠᠭᠠᠰᠬᠠᠬᠤ ᠶᠢᠨ ᠲᠥᠯᠥᠭᠡ᠂ ᠮᠠᠨ ᠤ ᠬᠤᠰᠢᠭᠤᠨ ᠤ ᠬᠢᠵᠠᠭᠠᠷ ᠲᠤᠳᠤᠷ᠎ᠠ ᠬᠡᠭᠡᠷ᠎ᠡ ᠭᠠᠳᠠᠭ᠎ᠠ ᠡᠰᠢ ᠰᠦᠷᠡᠯ ᠰᠢᠲᠠᠭᠠᠬᠤ ᠶᠢ ᠪᠥᠬᠦ ᠲᠠᠯ᠎ᠠ ᠪᠠᠷ ᠴᠠᠭᠠᠵᠠᠯᠠᠵᠤ᠂ ᠨᠥᠬᠦᠪᠥᠷᠢ ᠮᠥᠩᠭᠦ ᠣᠯᠭᠤᠬᠤ ᠪᠠ ᠡᠰᠢ ᠰᠦᠷᠡᠯ ᠰᠢᠲᠠᠭᠠᠬᠤ ᠶᠢ ᠬᠤᠷᠢᠭᠯᠠᠬᠤ ᠠᠵᠢᠯ ᠢ ᠪᠥᠬᠦ ᠲᠠᠯ᠎ᠠ ᠪᠠᠷ ᠤᠶᠠᠯᠳᠤᠭᠤᠯᠤᠨ᠎ᠠ᠃ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠨᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠠᠮᠢᠶ᠎ᠠ ᠪᠦᠬᠦᠢ ᠨᠠᠷᠢᠯᠢᠭ ᠳᠦᠷᠢᠮ ᠲᠣᠭᠲᠠᠭᠠᠵᠤ᠂ ᠤᠬᠠᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠵᠦ᠂ ᠲᠥᠷᠥ ᠶᠢᠨ  ᠪᠣᠳᠣᠯᠭ᠎ᠠ ᠶᠢ ᠲᠣᠰᠬᠤᠨ᠂ ᠡᠷᠦᠬᠡ᠂ ᠬᠥᠮᠦᠨ ᠳᠤ ᠬᠦᠷᠲᠡᠯ᠎ᠡ ᠤᠬᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ︵ᠨᠢᠭᠡ︶ ᠬᠡᠷᠡᠭᠵᠢᠭᠦᠯᠬᠦ ᠲᠥᠰᠦᠯ ᠲᠣᠭᠲᠠᠭᠠᠨ᠎ᠠ᠃ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠨᠢ ᠬᠤᠰᠢᠭᠤᠨ ᠠᠴᠠ ᠪᠠᠭᠤᠯᠭᠠᠭᠰᠠᠨ ᠬᠡᠷᠡᠭᠵᠢᠭᠦᠯᠬᠦ ᠲᠥᠰᠦᠯ ᠢ ᠦᠨᠳᠦᠰᠦᠯᠡᠨ᠂ ᠲᠤᠰ ᠬᠠᠷᠢᠶ᠎ᠠ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠡᠷᠡᠭᠵᠢᠭᠦᠯᠬᠦ ᠲᠥᠰᠦᠯ ᠢ ᠲᠣᠭᠲᠠᠭᠠᠨ᠎ᠠ᠃︵ᠬᠤᠶᠠᠷ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠵᠢᠴᠢ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠨᠢ ᠪᠣᠳᠠᠲᠤ ᠪᠠᠶ᠋ᠳᠠᠯ ᠲᠠᠢ ᠪᠠᠨ ᠤᠶᠠᠯᠳᠤᠭᠤᠯᠤᠨ᠂ ᠣᠯᠠᠨ ᠵᠦᠢᠯ ᠤᠨ ᠬᠡᠯᠪᠡᠷᠢ ᠪᠠᠷ ᠨᠦᠬᠦᠪᠦᠷᠢ ᠵᠢᠨ‌ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠤᠬᠠᠭᠤᠯᠭ᠎ᠠ ᠶᠢᠨ ᠲᠥᠰᠦᠯ ᠲᠣᠭᠲᠠᠭᠠᠵᠤ᠂ ᠣᠯᠠᠨ ᠵᠦᠢᠯ ᠤᠨ ᠬᠡᠯᠪᠡᠷᠢ ᠪᠣᠯᠤᠨ ᠠᠷᠭ᠎ᠠ ᠵᠠᠮ ᠢᠶᠠᠷ ᠳᠠᠮᠵᠢᠭᠤᠯᠤᠨ᠂ ᠥᠭᠡᠷᠡᠴᠢᠯᠡᠯᠲᠡ ᠶᠢᠨ ᠭᠤᠣᠯ ᠠᠭᠤᠯᠭ᠎ᠠ ᠶᠢ ᠲᠤᠤᠱᠲᠠᠢ ᠤᠬᠠᠭᠤᠯᠵᠤ᠂ ᠣᠯᠠᠨ ᠲᠦᠮᠡᠨ ᠪᠠ ᠵᠠᠭᠤᠴᠢᠯᠠᠭᠤᠷ ᠤᠨ ᠬᠢᠨ ᠤ ᠮᠠᠳᠠᠭ ᠲᠠᠢ ᠵᠦᠢᠯ ᠢ ᠲᠠᠶᠢᠯᠪᠤᠷᠢᠯᠠᠬᠤ ᠠᠵᠢᠯ ᠢ  ᠰᠠᠶᠢᠲᠤᠷ ᠬᠢᠵᠦ᠂ ᠨᠡᠶᠢᠭᠡᠮ ᠤᠨ ᠠᠩᠬᠠᠷᠤᠯ ᠲᠠᠢ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠬᠦ ᠬᠡᠷᠡᠭᠲᠡᠢ᠃︵ᠭᠤᠷᠪᠠ︶ ᠳᠠᠩᠰᠠᠯᠠᠭᠤᠯᠤᠭᠰᠠᠨ ᠨᠥᠬᠦᠪᠥᠷᠢ ᠥᠭᠬᠦ ᠲᠠᠯᠠᠪᠠᠢ᠃ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠨᠢ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠣᠯᠣᠨ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠲᠣᠭᠲᠠᠭᠠᠭᠰᠠᠨ ᠲᠠᠯᠠᠪᠠᠢ ᠶᠢᠨ ᠪᠠᠶᠢᠳᠠᠯ ᠢ ᠦᠨᠳᠦᠰᠦᠯᠡᠨ᠂ ᠨᠥᠬᠦᠪᠥᠷᠢ ᠥᠭᠬᠦ ᠲᠠᠯᠠᠪᠠᠢ ᠶᠢ ᠡᠷᠦᠬᠡ ᠳᠤ ᠬᠦᠷᠲᠡᠯ᠎ᠡ ᠲᠤᠭᠠᠴᠠᠭᠠᠯᠠᠭᠰᠠᠨ ᠪᠠᠶᠢᠳᠠᠯ ᠢ ᠳᠠᠩᠰᠠᠯᠠᠬᠤ ᠪᠠ ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠵᠦ᠂ ᠲᠣᠰ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠥᠬᠦᠪᠥᠷᠢ ᠥᠭᠬᠦ ᠲᠠᠯᠠᠪᠠᠢ ᠶᠢᠨ ᠰᠠᠭᠤᠷᠢ ᠮᠡᠳᠡᠭᠡ ᠵᠠᠩᠭᠢ ᠶᠢᠨ ᠬᠦᠰᠦᠨᠦᠭᠲᠦ ᠶᠢ ᠵᠣᠬᠢᠶᠠᠨ᠎ᠠ᠃ ᠬᠢᠨᠠᠨ ᠬᠠᠷᠭᠤᠭᠤᠯᠤᠭᠰᠠᠨ ᠤ ᠳᠠᠷᠠᠭᠠᠬᠢ ᠲᠣᠳᠣᠷᠬᠠᠶ ᠪᠠᠶᠢᠳᠠᠯ ᠢ ᠭᠠᠴᠠᠭᠠᠨ ᠤ ᠱᠠᠲᠤᠨ ᠳᠤ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠠᠭᠤᠯᠭ᠎ᠠ ᠳᠤ ᠡᠷᠬᠡᠪᠰᠢ ᠲᠠᠷᠢᠶᠠᠴᠢᠨ ᠡᠷᠦᠬᠡ ᠨᠢᠭᠡᠪᠦᠷᠢ ᠶᠢᠨ ᠨᠥᠬᠦᠪᠥᠷᠢ ᠥᠭᠬᠦ ᠲᠠᠯᠠᠪᠠᠢ᠂ ᠨᠥᠬᠦᠪᠥᠷᠢ ᠥᠭᠬᠦ ᠪᠠᠷᠢᠮᠵᠢᠶ᠎ᠠ᠂ ᠨᠥᠬᠦᠪᠥᠷᠢ ᠥᠭᠬᠦ ᠵᠣᠭᠤᠰ ᠤᠨ ᠲᠤᠭ᠎ᠠ᠂ ᠨᠥᠬᠦᠪᠥᠷᠢ ᠥᠭᠬᠦ ᠬᠡᠪᠴᠢᠶ᠎ᠡ ᠶᠢ ᠪᠠᠭᠲᠠᠭᠠᠬᠤ ᠬᠡᠷᠡᠭᠲᠡᠶ᠃ ᠨᠡᠶᠢᠲᠡᠯᠡᠬᠦ ᠴᠠᠭ ᠨᠢ 7 ᠡᠳᠦᠷ ᠠᠴᠠ ᠳᠤᠲᠠᠭᠤ ᠦᠭᠡᠢ ᠪᠠᠶᠢᠵᠤ᠂ ᠭᠡᠷᠡᠯ ᠵᠢᠷᠤᠭ ᠤᠨ ᠬᠡᠯᠪᠡᠷᠢ ᠪᠠᠷ ᠮᠠᠲ᠋ᠧᠷᠢᠶᠠᠯ  ᠪᠣᠯᠭᠠᠨ ᠦᠯᠡᠳᠡᠭᠡᠵᠦ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠤᠰᠢᠭᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ᠳᠤ ᠢᠯᠡᠴᠢᠯᠡᠨ ᠮᠡᠳᠡᠭᠦᠯᠬᠦ ᠤᠲᠠᠰᠤ ᠭᠠᠷᠭᠠᠵᠤ᠂ ᠬᠤᠰᠢᠭᠤᠨ ᠤ ᠲᠡᠰ ᠤᠨ ᠢᠯᠡᠴᠢᠯᠡᠨ ᠮᠡᠳᠡᠭᠦᠯᠬᠦ ᠤᠲᠠᠰᠤᠨ ᠳ᠋ᠤᠭᠠᠷ 0476-3751590 ᠢ ᠢᠯᠡ ᠨᠡᠶᠢᠲᠡᠯᠡᠬᠦ ᠬᠡᠷᠡᠭᠲᠡᠢ᠃ ᠲᠠᠷᠢᠶᠠᠴᠢᠨ ᠲᠦᠮᠡᠨ ᠤ ᠰᠠᠨᠠᠯ ᠢ ᠭᠦᠢᠴᠡᠳ ᠰᠣᠨᠣᠰᠴᠤ᠂ ᠤᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤᠨᠢ ᠵᠠᠯᠠᠷᠠᠭᠤᠯᠬᠤ ᠬᠡᠷᠡᠭᠲᠡᠶ᠃ ᠵᠠᠷᠯᠠᠨ ᠨᠡᠶᠢᠲᠡᠯᠡᠭᠡᠳ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ᠂ ᠨᠥᠬᠦᠪᠥᠷᠢ ᠣᠯᠭᠤᠬᠤ ᠡᠲᠡᠭᠡᠳ ᠤᠨ ᠲᠡᠷᠤᠮᠯᠠᠭᠰᠠᠨ ᠬᠦᠰᠦᠨᠦᠭᠲᠦ ᠶᠢ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠭᠤᠣᠯ ᠬᠠᠷᠢᠭᠤᠴᠠᠯᠭᠠᠲᠠᠨ ᠢᠶᠠᠷ ᠬᠢᠨᠠᠨ ᠪᠠᠶᠢᠴᠠᠭᠠᠯᠭᠠᠵᠤ᠂ ᠭᠠᠷ ᠤᠨ ᠦᠰᠦᠭ ᠵᠢᠷᠤᠭᠤᠯᠵᠤ ᠲᠠᠮᠠᠭ᠎ᠠ ᠳᠠᠷᠤᠭᠤᠭᠰᠠᠨ ᠤ ᠳᠠᠷᠠᠭ᠎ᠠ᠂ ︽ᠬᠠᠷᠠᠴᠢᠨ ᠬᠤᠰᠢᠭᠤᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠥᠭᠬᠦ ᠭᠤᠶᠤᠴᠢᠯᠠᠯ ᠤᠨ ᠪᠢᠴᠢᠭ︾ ᠲᠠᠢ ᠬᠠᠮᠲᠤ 6 ᠰᠠᠷ᠎ᠠ ᠶᠢᠨ 15 ᠤ ᠡᠳᠦᠷ ᠠᠴᠠ ᠡᠮᠦᠨ᠎ᠡ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ᠎ᠡ᠃ ᠨᠥᠬᠦᠪᠥᠷᠢ ᠶᠢᠨ ᠮᠡᠳᠡᠭᠡ ᠵᠠᠩᠭᠢ ᠶᠢ ︽ᠪᠦᠬᠦᠨ ᠳᠤ ᠲᠣᠬᠢᠷᠠᠬᠤ ᠺᠠᠷᠲ︾ ᠤᠨ ᠰᠢᠰᠲ᠋ᠧᠮ ᠳᠤ ᠵᠡᠷᠭᠡᠪᠡᠷ ᠣᠷᠣᠭᠤᠯᠬᠤ ᠬᠡᠷᠡᠭᠲᠡᠶ᠃ ᠦᠨᠡᠨ ᠮᠥᠨ ᠢᠶᠠᠷ ᠨᠢ ᠮᠡᠳᠡᠭᠦᠯᠬᠦ ᠵᠠᠷᠴᠢᠮ ᠢ  ᠪᠠᠷᠢᠮᠲᠠᠯᠠᠨ᠂ ᠢᠯᠡᠭᠦᠤ  ᠮᠡᠳᠡᠭᠦᠯᠬᠦ᠂ ᠣᠷᠬᠢᠭᠳᠠᠭᠤᠯᠤᠨ ᠮᠡᠳᠡᠭᠦᠯᠵᠦ ᠪᠣᠯᠬᠤ ᠦᠭᠡᠢ᠃︵ᠳᠥᠷᠪᠡ︶ ᠨᠥᠬᠦᠪᠥᠷᠢ ᠪᠠᠯᠠ ᠮᠥᠩᠭᠦ ᠶᠢ ᠥᠭᠬᠦ᠃ ᠬᠢᠵᠢᠭ ᠤᠨ ᠪᠠᠢᠳᠠᠯ ᠤᠨ ᠬᠤᠭᠤᠴᠠᠭᠠᠨ ᠳᠤ᠂ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠨᠢ ᠬᠦᠴᠢᠷ ᠪᠡᠷᠬᠡᠰᠢᠶᠡᠯ ᠢ ᠢᠯᠠᠨ ᠳᠠᠪᠠᠵᠤ᠂ 6 ᠰᠠᠷ᠎ᠠ ᠶᠢᠨ 30 ᠠᠴᠠ ᠡᠮᠦᠨ᠎ᠡ ᠪᠦᠬᠦ ᠬᠤᠰᠢᠭᠤᠨ ᠤ ᠲᠠᠷᠢᠶᠠᠨ ᠭᠠᠵᠠᠷ ᠤᠨ ᠰᠢᠮ᠎ᠡ ᠶᠢ ᠬᠠᠮᠠᠭᠠᠯᠠᠬᠤ ᠨᠥᠬᠦᠪᠦᠷᠢ ᠮᠥᠩᠭᠦ ᠶᠢ ᠪᠦᠬᠦᠨ ᠳᠤ ᠲᠣᠬᠢᠷᠠᠬᠤ ᠺᠠᠷᠲ ᠳᠤ ᠬᠢᠬᠦ ᠬᠡᠯᠪᠡᠷᠢ ᠪᠠᠷ ᠨᠥᠬᠦᠪᠥᠷᠢ ᠥᠭᠬᠦ ᠡᠲᠡᠭᠡᠳ ᠲᠤ ᠲᠦᠭᠡᠭᠡᠨ ᠦᠭᠬᠦᠨ᠎ᠡ᠂ ᠡᠭᠦᠷᠭᠡ ᠪᠠᠨ ᠬᠤᠭᠤᠴᠠᠭ᠎ᠠ ᠶᠣᠰᠣᠭᠠᠷ ᠪᠡᠶᠡᠯᠡᠭᠦᠯᠵᠦ ᠳᠡᠶᠢᠯᠬᠦ ᠦᠭᠡᠶ ᠰᠢᠶᠠᠩ ᠪᠠᠯᠭᠠᠰᠤ ᠵᠡᠭᠡᠯᠢ ᠭᠤᠳᠤᠮᠵᠢ ᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠠᠴᠠ ᠨᠥᠬᠦᠪᠦᠷᠢ ᠮᠥᠩᠭᠦ ᠪᠠᠭᠤᠯᠭᠠᠬᠤ ᠶᠢ ᠱᠠᠭᠠᠷᠳᠠᠨ ᠰᠢᠢᠳᠪᠦᠷᠢᠯᠡᠬᠦ ᠠᠯᠪᠠᠨ ᠪᠢᠴᠢᠭ ᠪᠠᠭᠤᠯᠭᠠᠵᠤ᠂ ᠮᠥᠨ ᠬᠦ ᠳᠠᠬᠢᠨᠲᠠ‌ᠤᠳᠠᠭᠠᠰᠢᠷᠠᠭᠤᠯᠤᠭᠰᠠᠨ ᠪᠠᠶᠢᠪᠠᠯ᠂ ᠬᠤᠰᠢᠭᠤᠨ ᠤ ᠵᠠᠰᠠᠭ ᠤᠨ ᠣᠷᠳᠣᠨ ᠵᠠᠷᠯᠠᠨ ᠰᠢᠭᠦᠮᠵᠢᠯᠡᠨ᠎ᠡ᠃︵ᠲᠠᠪᠤ︶ ᠦᠯᠡᠳᠡᠪᠦᠷᠢ ᠮᠥᠩᠭᠦ ᠬᠢᠭᠡᠳ ᠰᠢᠯᠵᠢᠭᠦᠯᠦᠭᠰᠡᠨ ᠪᠠᠯᠠ ᠮᠥᠩᠭᠦ ᠶᠢ ᠬᠡᠷᠡᠭᠯᠡᠬᠦ᠃ ᠵᠠᠷᠴᠢᠮ ᠳᠡᠭᠡᠷ᠎ᠡ ᠪᠠᠨ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠨᠢ ᠲᠤᠬᠠᠶ ᠶᠢᠨ ᠵᠢᠯ ᠳᠡᠭᠡᠨ ᠲᠠᠷᠢᠶᠠᠴᠢᠨ ᠡᠷᠦᠬᠡ ᠳᠤ ᠥᠭᠬᠦ ᠲᠠᠷᠢᠶᠠᠨ ᠭᠠᠵᠠᠷ ᠤᠨ ᠰᠢᠮ᠎ᠡ ᠶᠢ ᠬᠠᠮᠠᠭᠠᠯᠠᠬᠤ ᠨᠥᠬᠦᠪᠥᠷᠢ ᠪᠡᠯᠡ ᠮᠥᠩᠭᠦ ᠶᠢ ᠪᠦᠬᠦᠨ ᠢ ᠣᠯᠭᠤᠬᠤ ᠶᠤᠰᠤᠲᠠᠢ ᠲᠠᠷᠢᠶᠠᠴᠢᠨ ᠡᠷᠦᠬᠡ ᠳᠤ ᠥᠭᠬᠦ ᠬᠡᠷᠡᠭᠲᠡᠶ᠃ ᠦᠯᠡᠳᠡᠪᠦᠷᠢ ᠭᠠᠷᠴᠤ ᠪᠣᠯᠬᠤ ᠦᠭᠡᠢ᠃ ᠪᠡᠯᠡ ᠮᠥᠩᠭᠦᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠨᠴᠠᠭᠠᠶ ᠪᠠᠶᠢᠳᠠᠯ ᠳᠣᠤᠷ᠎ᠠ ᠪᠤᠢ ᠪᠤᠯᠤᠭᠰᠠᠨ ᠲᠤᠰ ᠵᠢᠯ ᠳᠤ ᠪᠠᠨ ᠬᠡᠷᠡᠭᠯᠡᠵᠦ ᠪᠠᠷᠠᠭᠰᠠᠨ ᠥᠬᠡᠶ ᠲᠠᠷᠢᠶᠠᠨ ᠭᠠᠵᠠᠷ ᠤᠨ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠪᠠᠯᠠ ᠮᠥᠩᠭᠦ ᠶᠢ ᠲᠤᠬᠠᠶ ᠶᠢᠨ ᠵᠢᠯ ᠤᠨ ᠨᠥᠬᠦᠪᠥᠷᠢ ᠣᠯᠭᠤᠬᠤ ᠠᠵᠢᠯ ᠳᠠᠭᠤᠰᠤᠭᠰᠠᠨ ᠤ ᠳᠠᠷᠠᠭ᠎ᠠ᠂ ᠬᠤᠲᠠ ᠶᠢᠨ ᠠᠮᠤ ᠪᠤᠳᠠᠭᠠᠨ ᠤ ᠠᠶᠤᠯ ᠲᠦᠭᠰᠢᠭᠦᠷᠢ ᠶᠢᠨ ᠰᠠᠭᠤᠷᠢ ᠮᠥᠩᠭᠦ ᠶᠢᠨ ᠲᠤᠰᠬᠠᠶ ᠳᠠᠩᠰᠠᠨ ᠳᠤ ᠨᠢᠭᠡᠳᠦᠯᠲᠡᠶ ᠬᠤᠪᠢᠶᠠᠷᠢᠯᠠᠨ ᠰᠢᠯᠵᠢᠭᠦᠯᠵᠦ ᠲᠥᠪᠯᠡᠷᠡᠭᠦᠯᠦᠨ ᠬᠠᠮᠢᠶᠠᠷᠤᠭᠤᠯᠵᠤ᠂ ᠳᠠᠷᠠᠭ᠎ᠠ ᠵᠢᠯ ᠳᠤ ᠲᠠᠷᠢᠶᠠᠨ ᠭᠠᠵᠠᠷ ᠤᠨ ᠰᠢᠮ᠎ᠡ ᠬᠠᠮᠠᠭᠠᠯᠠᠬᠤ ᠳᠤ ᠬᠡᠷᠡᠭᠯᠡᠬᠦ ᠨᠥᠬᠦᠪᠥᠷᠢ ᠶᠢᠨ ᠬᠠᠮᠢᠶ᠎ᠠ ᠪᠦᠬᠦᠢ ᠠᠵᠢᠯ ᠢ ᠦᠷᠭᠦᠯᠵᠢᠯᠡᠨ ᠨᠢᠭᠡᠲᠦᠯᠲᠡᠢ ᠲᠥᠯᠥᠪᠯᠡᠨ ᠲᠣᠬᠢᠷᠠᠭᠤᠯᠬᠤ ᠬᠡᠷᠡᠭᠲᠡᠶ᠃ ᠬᠤᠶᠠᠷ ᠵᠢᠯ ᠳᠠᠷᠠᠭᠠᠯᠠᠨ ᠬᠡᠷᠡᠭᠯᠡᠵᠦ ᠳᠠᠭᠤᠰᠤᠭᠠᠳᠤᠶ ᠦᠯᠡᠳᠡᠪᠦᠷᠢ ᠨᠥᠬᠦᠪᠦᠷᠢ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠠᠴᠠ ᠬᠤᠷᠢᠶᠠᠨ ᠠᠪᠬᠤ ᠶᠢᠨ ᠬᠠᠮᠲᠤ ᠳᠡᠭᠡᠭᠰᠢ ᠲᠥᠪ ᠲᠤ ᠲᠤᠰᠢᠶᠠᠬᠤ ᠪᠣᠯᠤᠨ᠎ᠠ᠃︵ᠵᠢᠷᠭᠤᠭ᠎ᠠ︶ ᠳ᠋ᠦᠩᠨᠡᠯᠲᠡ ᠬᠢᠬᠦ᠃ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠲᠠᠷᠢᠶᠠᠨ ᠭᠠᠵᠠᠷ ᠤᠨ ᠰᠢᠮ᠎ᠡ ᠶᠢ ᠬᠠᠮᠠᠭᠠᠯᠠᠬᠤ ᠨᠥᠬᠦᠪᠦᠷᠢ ᠮᠥᠩᠭᠦ ᠣᠯᠭᠤᠬᠤ ᠠᠵᠢᠯ ᠢᠶᠠᠨ ᠬᠢᠨᠠᠮᠠᠭᠠᠶ ᠳ᠋ᠦᠩᠨᠡᠵᠦ᠂ ᠣᠯᠭᠤᠬᠤ ᠶᠠᠪᠤᠴᠠ ᠳᠤ ᠢᠯᠡᠷᠡᠭᠰᠡᠨ ᠠᠰᠠᠭᠤᠳᠠᠯ ᠢ ᠡᠮᠬᠢᠯᠡᠵᠦ᠂ ᠲᠠᠷᠢᠶᠠᠨ ᠭᠠᠵᠠᠷ ᠤᠨ ᠰᠢᠮ᠎ᠡ ᠶᠢ ᠬᠠᠮᠠᠭᠠᠯᠠᠬᠤ ᠨᠥᠬᠦᠪᠥᠷᠢ ᠶᠢᠨ ᠪᠡᠯᠡ ᠮᠥᠩᠭᠦ ᠣᠯᠭᠤᠬᠤ ᠶᠠᠪᠤᠴᠠ ᠳᠤ ᠭᠠᠷᠤᠭᠰᠠᠨ ᠠᠰᠠᠭᠤᠳᠠᠯ ᠢ ᠴᠠᠭ ᠲᠤᠬᠠᠶ ᠳᠤᠨᠢ  ᠳᠡᠭᠡᠷ᠎ᠡ ᠱᠠᠲᠤᠨ ᠳᠤ ᠮᠡᠳᠡᠭᠦᠯᠬᠦ ᠬᠡᠷᠡᠭᠲᠡᠶ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠨᠦᠬᠦᠪᠦᠷᠢ ᠮᠥᠩᠭᠦ ᠣᠯᠭᠤᠬᠤ ᠠᠵᠢᠯ ᠳᠤ ᠪᠦᠬᠦ ᠲᠠᠯ᠎ᠠ ᠶᠢᠨ ᠳ᠋ᠦᠩᠨᠡᠯᠲᠡ ᠬᠢᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠥᠬᠦᠪᠥᠷᠢ ᠪᠡᠯᠡ ᠮᠥᠩᠭᠦ ᠣᠯᠭᠤᠬᠤ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠳᠥᠷᠪᠡ  ᠂ ᠪᠠᠲᠤᠯᠠᠭ᠎ᠠ ᠶᠢᠨ ᠠᠷᠭ᠎ᠠ ᠬᠡᠮᠵᠢᠶ᠎ᠡ︵ᠨᠢᠭᠡ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠲᠠᠷᠢᠶᠠᠨ ᠭᠠᠵᠠᠷ ᠤᠨ ᠭᠠᠵᠠᠷ ᠤᠨ ᠰᠢᠮ᠎ᠡ ᠶᠢ ᠬᠠᠮᠠᠭᠠᠯᠠᠬᠤ ᠨᠥᠬᠦᠪᠥᠷᠢ ᠪᠡᠯᠡ ᠮᠥᠩᠭᠦ  ᠣᠯᠭᠤᠬᠤ ᠠᠵᠢᠯ ᠢ ᠬᠤᠰᠢᠭᠤᠨ ᠤ ᠵᠠᠰᠠᠭ ᠤᠨ ᠣᠷᠳᠣᠨ ᠨᠢ ᠶᠡᠷᠦᠩᠬᠡᠶ ᠬᠠᠷᠢᠭᠤᠴᠠᠯᠭ᠎ᠠ ᠡᠭᠦᠷᠭᠡᠯᠡᠨ᠎ᠡ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ᠪᠠᠯᠠ ᠮᠥᠩᠭᠦ ᠲᠠᠷᠬᠠᠭᠠᠬᠤ ᠠᠵᠢᠯ ᠢ ᠬᠠᠷᠢᠭᠤᠴᠠᠵᠤ᠂ ᠬᠤᠰᠢᠭᠤᠨ ᠤ  ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠨᠥᠬᠦᠪᠥᠷᠢ ᠶᠢᠨ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ ᠬᠤᠷᠢᠶᠠᠩᠭᠤᠶᠢᠯᠠᠬᠤ ᠠᠵᠢᠯ ᠢ ᠬᠠᠷᠢᠭᠤᠴᠠᠨ᠎ᠠ︔ ᠨᠥᠬᠦᠪᠥᠷᠢ ᠪᠡᠯᠡ ᠮᠥᠩᠭᠦ ᠳᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠡᠯ᠎ᠡ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯ ᠨᠥᠬᠦᠪᠥᠷᠢ ᠪᠡᠯᠡ ᠮᠥᠩᠭᠦ ᠶᠢᠨ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠣᠯᠤᠨ᠎ᠠ᠂ ᠨᠥᠬᠦᠪᠥᠷᠢ ᠥᠭᠬᠦ ᠡᠲᠡᠭᠡᠳ ᠪᠣᠯᠤᠨ ᠨᠥᠬᠦᠪᠥᠷᠢ ᠥᠭᠬᠦ ᠲᠠᠯᠠᠪᠠᠶ ᠶᠢ ᠱᠠᠲᠤ ᠱᠠᠲᠤ ᠪᠠᠷ ᠡᠵᠡᠮᠳᠡᠬᠦ ᠶᠢ ᠬᠠᠷᠢᠭᠤᠴᠠᠨ᠎ᠠ᠃ ᠢᠯᠠᠩᠭᠤᠶ᠎ᠠ ᠨᠥᠬᠦᠪᠥᠷᠢ ᠥᠭᠬᠦ ᠲᠠᠯᠠᠪᠠᠢ ᠶᠢ ᠬᠢᠨᠠᠨ ᠵᠥᠪᠰᠢᠶᠡᠷᠡᠵᠦ᠂ ᠮᠡᠷᠭᠡᠵᠢᠯ ᠤᠨ ᠠᠷᠭ᠎ᠠ ᠪᠠᠷᠢᠯ ᠢ ᠠᠰᠢᠭᠯᠠ ᠰᠤᠩᠭᠤᠨ ᠪᠠᠶᠢᠴᠠᠭᠠᠬᠤ ᠪᠠ ᠳᠠᠬᠢᠨ ᠪᠠᠶᠢᠴᠠᠭᠠᠬᠤ᠂ ᠨᠥᠬᠦᠪᠥᠷᠢ ᠥᠭᠬᠦ ᠲᠠᠯᠠᠪᠠᠢ ᠶᠢ ᠪᠦᠷᠢᠳᠬᠡᠬᠦ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠣᠭᠤᠮᠲᠠ ᠶᠢ ᠰᠠᠬᠢᠬᠤ᠂ ᠢᠯᠡ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠲᠦᠷᠦ ᠶᠢᠨ ᠪᠤᠳᠤᠯᠭ᠎ᠠ ᠶᠢᠨ ᠲᠠᠶᠢᠯᠪᠤᠷᠢᠯᠠᠯᠲᠠ ᠵᠢᠴᠢ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠡᠷᠡᠭᠵᠢᠭᠦᠯᠬᠦ ᠲᠥᠰᠦᠯ ᠪᠠ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢᠨ ᠱᠠᠭᠠᠷᠳᠠᠯᠭ᠎ᠠ ᠶᠣᠰᠣᠭᠠᠷ᠂ ᠲᠣᠰ ᠲᠣᠰ ᠤᠨ ᠡᠭᠦᠷᠭᠡ ᠲᠤᠰᠢᠶᠠᠯ᠂ ᠬᠠᠷᠢᠭᠤᠴᠠᠯᠭ᠎ᠠ ᠪᠠᠨ ᠭᠦᠢᠴᠡᠳᠬᠡᠵᠦ  ᠂ ᠨᠢᠭᠲᠠ ᠬᠠᠮᠵᠢᠯᠴᠠᠨ᠂ ᠡᠯ᠎ᠡ  ᠵᠦᠢᠯ ᠤᠨ ᠠᠵᠢᠯ ᠢ ᠬᠠᠮᠵᠢᠯᠴᠠᠨ ᠠᠬᠢᠭᠤᠯᠤᠨ᠎ᠠ᠃︵ᠬᠤᠶᠠᠷ︶ ᠲᠥᠷᠥ ᠶᠢᠨ ᠪᠣᠳᠣᠯᠭ᠎ᠠ ᠶᠢᠨ ᠠᠪᠴᠠᠯᠳᠤᠯᠲᠠ ᠶᠢ ᠰᠠᠶᠢᠲᠤᠷ ᠬᠢᠵᠦ᠂ ᠳᠠᠩᠰᠠ ᠡᠪᠬᠡᠮᠡᠯ ᠤᠨ ᠮᠡᠳᠡᠭᠡ ᠵᠠᠩᠭᠢ ᠪᠦᠷᠢᠨ ᠭᠦᠶ᠋ᠴᠡᠳ ᠪᠠᠶᠢᠬᠤ ᠬᠡᠷᠡᠭᠲᠡᠢ᠃ ᠰᠢᠨ᠎ᠡ ᠬᠠᠭᠤᠴᠢᠨ ᠲᠥᠷᠥ ᠶᠢᠨ ᠪᠣᠳᠣᠯᠭ᠎ᠠ ᠶᠢᠨ ᠠᠪᠴᠠᠯᠳᠤᠯᠲᠠ ᠪᠠ ᠰᠢᠯᠵᠢᠯᠲᠡ ᠶᠢ ᠢᠳᠡᠪᠬᠢᠲᠡᠶ ᠰᠠᠶᠢᠲᠤᠷ ᠬᠢᠵᠦ᠂ 2018 ᠣᠨ ᠠᠴᠠ ᠡᠬᠢᠯᠡᠨ᠂ ᠲᠣᠰ ᠪᠠᠯᠠ ᠮᠥᠩᠭᠦ ᠶᠢ ᠲᠠᠷᠢᠶᠠᠨ ᠭᠠᠵᠠᠷ ᠤᠨ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠪᠠᠯᠠ ᠮᠥᠩᠭᠦ ᠭᠡᠵᠦ ᠨᠢᠭᠡᠳᠦᠯᠲᠡᠶ ᠨᠡᠷᠡᠯᠡᠨ᠎ᠡ᠃ ᠪᠡᠯᠡ ᠮᠥᠩᠭᠦ ᠲᠠᠷᠬᠠᠭᠠᠬᠤ ᠶᠠᠪᠤᠴᠠ ᠳᠤ ᠨᠥᠬᠦᠪᠥᠷᠢ ᠥᠭᠬᠦ ᠨᠡᠷᠡᠰ ‍ᠦᠨ‌‍ᠲ᠋ᠡᠪᠲᠡᠷ ᠢ ᠪᠢᠴᠢᠨ ᠦᠯᠡᠳᠡᠭᠡᠬᠦ ᠬᠡᠷᠡᠭᠲᠡᠢ᠃ ︵ᠭᠤᠷᠪᠠ︶ ᠬᠢᠨᠠᠨ ᠪᠠᠶᠢᠴᠠᠭᠠᠯᠳᠠ ᠶᠢ ᠴᠢᠩᠭᠠᠳᠬᠠᠨ᠎ᠠ᠃ ᠬᠤᠰᠢᠭᠤ ᠵᠠᠰᠠᠭ ᠤᠨ ᠤᠷᠳᠤᠨ ᠤ ᠱᠠᠭᠠᠷᠳᠠᠨ ᠪᠠᠶᠢᠴᠠᠭᠠᠬᠤ ᠠᠯᠪᠠᠨ ᠭᠡᠷ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠱᠠᠭᠠᠷᠳᠠᠨ ᠪᠠᠶᠢᠴᠠᠭᠠᠬᠤ ᠲᠤᠭᠤᠶᠢᠯᠠᠩ ᠪᠠᠶᠢᠭᠤᠯᠵᠤ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠳᠤ ᠲᠤᠭᠳᠠᠮᠠᠯ ᠪᠤᠰᠤ ᠬᠤᠭᠤᠴᠠᠭᠠᠨ ᠳᠤ ᠬᠢᠨᠠᠨ ᠪᠠᠶᠢᠴᠠᠭᠠᠯᠳᠠ ᠬᠢᠬᠦ ᠬᠡᠷᠡᠭᠳᠡᠢ᠃ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠭᠰᠡᠨ ᠦᠭᠡᠢ᠂ ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠦᠯᠳᠡ ᠬᠦᠴᠦᠳᠡᠢ ᠪᠢᠰᠢ ᠪᠠᠶᠢᠭ᠎ᠠ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠠᠵᠢᠯ ᠢ ᠴᠠᠭ ᠲᠤᠬᠠᠢ ᠳᠤ ᠨᠢ ᠢᠯᠡᠷᠡᠬᠦᠯᠵᠦ ᠵᠠᠯᠠᠷᠠᠭᠤᠯᠤᠭᠰᠠᠨ ᠪᠠᠶᠢᠬᠤ ᠬᠡᠷᠡᠭᠳᠡᠢ᠃ᠲᠠᠷᠢᠶᠠᠨ ᠭᠠᠵᠠᠷ ᠤᠨ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠪᠠᠯᠠ ᠮᠥᠩᠭᠦ ᠶᠢ  ᠬᠠᠭᠤᠷᠤᠨ ᠮᠡᠭᠡᠯᠡᠵᠦ᠂ ᠱᠠᠮᠰᠢᠭᠰᠠᠨ᠂ ᠰᠢᠬᠠᠨ ᠡᠵᠡᠯᠡᠭᠰᠡᠨ᠂ ᠨᠡᠭᠦᠯᠭᠡᠨ ᠬᠡᠷᠡᠭᠡᠯᠡᠭᠰᠡᠨ᠂ ᠲᠦᠷᠢᠮ ᠢ ᠵᠦᠷᠢᠴᠡᠨ ᠲᠠᠷᠢᠶᠠᠨ ᠭᠠᠵᠠᠷ ᠤᠨ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠪᠠᠯᠠ ᠮᠥᠩᠭᠦ ᠶᠢ ᠲᠠᠷᠬᠠᠭᠠᠭᠰᠠᠨ ᠠᠵᠢᠯᠯᠠᠭ᠎ᠠ ᠶᠢ ᠬᠠᠤᠯᠢ ᠲᠦᠷᠢᠮ ᠶᠤᠰᠤᠭᠠᠷ ᠴᠢᠩᠭ᠎ᠠ ᠰᠢᠢᠳᠪᠦᠷᠢᠯᠡᠬᠦ ᠬᠡᠷᠡᠭᠳᠡᠢ᠃ ᠨᠦᠬᠦᠪᠦᠷᠢ ᠶᠢᠨ ᠪᠡᠯᠡ ᠮᠦᠩᠬᠦ ᠶᠢ ᠬᠠᠭᠤᠷᠤᠨ ᠠᠪᠬᠤ ᠳᠤ ᠤᠷᠤᠯᠴᠠᠭᠰᠠᠨ ᠪᠤᠶᠤ ᠬᠢᠨᠠᠨ ᠬᠠᠮᠢᠶᠠᠷᠬᠤ ᠡᠭᠦᠷᠭᠡ ᠴᠢᠳᠠᠪᠬᠢ ᠪᠠᠨ ᠬᠡᠷᠡᠭᠵᠢᠬᠦᠯᠦᠭᠰᠡᠨ ᠦᠭᠡᠢ ᠪᠠᠶᠢᠵᠤ ᠡᠳ᠋ ᠤᠨ ᠵᠠᠰᠠᠭ ᠪᠡᠯᠡ ᠮᠦᠩᠭᠦ ᠳᠤ ᠬᠤᠬᠢᠷᠠᠯ ᠦᠵᠡᠭᠦᠯᠦᠭᠰᠡᠳ ᠬᠠᠮᠢᠶ᠎ᠠ ᠪᠦᠬᠦᠢ ᠬᠦᠮᠦᠰ ᠢ ︽ᠡᠳ᠋ ᠤᠨ ᠵᠠᠰᠠᠭ ᠤᠨ ᠬᠠᠤᠯᠢ ᠵᠦᠷᠢᠴᠡᠭᠰᠡᠨ ᠠᠵᠢᠯᠯᠠᠭ᠎ᠠ ᠳᠤ ᠰᠢᠳᠭᠡᠯ ᠦᠭᠬᠦ ᠵᠤᠷᠪᠤᠰ︾ ᠵᠢᠴᠢ ᠬᠠᠮᠢᠶ᠎ᠠ ᠪᠦᠬᠦᠢ ᠲᠤᠭᠳᠠᠭᠠᠯ ᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠪᠠ ᠰᠢᠳᠭᠡᠯ ᠦᠭᠴᠦ᠂ ᠶᠠᠯ᠎ᠠ ᠬᠢᠭᠰᠡᠨ ᠰᠡᠵᠢᠭ ᠲᠠᠢ ᠪᠤᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠰᠢᠢᠳᠪᠦᠷᠢᠯᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号