| ᠪᠠᠶᠢᠭᠤᠯᠤᠮᠵᠢ ᠶᠢᠨ ᠨᠡᠷᠡᠶᠢᠳᠦᠯ᠄ ᠬᠠᠷᠠᠴᠢᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠪᠠᠶᠢᠭᠤᠯᠤᠮᠵᠢ ᠶᠢᠨ ᠰᠢᠨᠵᠢ ᠴᠢᠨᠠᠷ᠄ ᠵᠠᠰᠠᠭ ᠵᠠᠬᠢᠷᠭᠠᠨ | ᠠᠵᠢᠯᠯᠠᠬᠤ ᠭᠠᠵᠠᠷ᠄ ᠬᠠᠷᠠᠴᠢᠨ ᠬᠤᠰᠢᠭᠤᠨ ᠤ ᠵᠢᠨᠱᠠᠨ ᠪᠠᠯᠭᠠᠰᠤᠨ ᠤ ᠵᠢᠨᠨᠠᠨ ᠶᠡᠭᠡ ᠵᠡᠭᠡᠯᠢ ᠶᠢᠨ 72 ᠳ᠋ᠤᠭᠠᠷ | ᠨᠣᠮᠧᠷ | ᠬᠠᠷᠢᠯᠴᠠᠬᠤ ᠤᠲᠠᠰᠤ᠄ 3773752 | ᠡᠭᠦᠷᠭᠡ ᠬᠠᠷᠢᠭᠤᠴᠠᠯᠭ᠎ᠠ᠄ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠡᠭᠡᠳᠦ ᠱᠠᠲᠤᠨ ᠤ | ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠳᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠢᠳᠠᠪᠤᠷᠢᠵᠢᠭᠤᠯᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ | ᠶᠠᠪᠤᠴᠠ ᠳᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠠᠷᠠᠳ ᠨᠡᠶᠢᠲᠡ ᠶᠢᠨ ᠥᠮᠴᠢᠯᠡᠯ ᠤᠨ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠣᠶ ᠰᠢᠭᠤᠶ᠂ | ᠨᠤᠳᠤᠭ ᠪᠡᠯᠴᠢᠭᠡᠷ᠂ ᠨᠤᠭᠤ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ | ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠯᠲᠡ ᠶᠢ | ᠵᠠᠬᠢᠷᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠃ ᠪᠠᠶᠢᠭᠠᠯᠢ ᠶᠢᠨ ᠡᠬᠢ ᠪᠠᠶᠠᠯᠢᠭ ᠪᠠ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠵᠢᠴᠢ ᠬᠡᠮᠵᠢᠨ ᠵᠢᠷᠤᠬᠤ ᠵᠡᠷᠭᠡ | ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ | ︵ᠬᠤᠶᠠᠷ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠰᠢᠨᠵᠢᠵᠦ ᠦᠨᠡᠯᠡᠬᠦ ᠶᠢ ᠬᠠᠷᠢᠭᠤᠴᠠᠨ᠎ᠠ᠃ ᠳᠡᠭᠡᠷ᠎ᠡ | ᠱᠠᠲᠤᠨ ᠤ ᠲᠣᠭᠲᠠᠭᠠᠭᠰᠠᠨ ᠡᠬᠢ ᠪᠠᠶᠠᠯᠢᠭ ᠢ ᠪᠠᠶᠢᠴᠠᠭᠠᠨ ᠬᠢᠨᠠᠵᠦ ᠬᠡᠮᠵᠢᠨ ᠦᠨᠡᠯᠡᠬᠦ ᠨᠤᠷᠮ᠎ᠠ ᠲᠣᠭᠠᠨ ᠤ ᠰᠢᠰᠲ᠋ᠧᠮ | ᠪᠠ ᠲᠤᠭ᠎ᠠ ᠪᠦᠷᠢᠳᠭᠡᠯ ᠤᠨ ᠪᠠᠷᠢᠮᠵᠢᠶ᠎ᠠ ᠶᠤᠰᠤᠭᠠᠷ᠂ ᠪᠦᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠢ | ᠪᠠᠶᠢᠴᠠᠭᠠᠨ ᠰᠢᠨᠵᠢᠵᠦ ᠦᠨᠡᠯᠡᠬᠦ ᠨᠢᠭᠡᠳᠦᠯᠲᠡᠢ ᠳᠤ ᠵᠢᠷᠤᠮᠵᠢᠭᠰᠠᠨ ᠳᠦᠷᠢᠮ ᠢ ᠪᠠᠶᠢᠭᠤᠯᠤᠨ᠎ᠠ᠃ ᠪᠦᠬᠦ ᠬᠤᠰᠢᠭᠤᠨ ᠤ | ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠳᠠ᠂ ᠲᠤᠰᠬᠠᠢ ᠲᠥᠷᠥᠯ ᠤᠨ ᠪᠠᠶᠢᠴᠠᠭᠠᠯᠳᠠ ᠪᠠ ᠬᠢᠨᠠᠨ | ᠬᠡᠮᠵᠢᠯᠲᠡ ᠶᠢ ᠵᠣᠬᠢᠶᠠᠨ ᠪᠠᠶᠢᠭᠤᠯᠵᠦ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ | ᠬᠡᠮᠵᠢᠵᠦ ᠦᠨᠡᠯᠡᠭᠰᠡᠨ ᠦᠷ᠎ᠡ ᠪᠦᠲᠦᠭᠡᠯ ᠤᠨ ᠬᠢᠨᠠᠯᠲᠠ ᠬᠠᠮᠢᠶᠠᠷᠤᠯᠲᠠ ᠪᠠ ᠮᠡᠳᠡᠭᠡ ᠵᠠᠩᠭᠢ ᠨᠡᠶᠢᠲᠡᠯᠡᠬᠦ ᠶᠢ | ᠬᠠᠷᠢᠭᠤᠴᠠᠨ᠎ᠠ᠃ | ︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠤᠨ ᠦᠮᠴᠢᠯᠡᠯ ᠤᠨ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ | ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠲᠣᠭᠲᠠᠭᠠᠭᠰᠠᠨ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ | ᠪᠠ ᠥᠯᠥ ᠬᠥᠳᠡᠯᠬᠦ ᠬᠦᠷᠦᠩᠭᠡ ᠶᠢᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ᠂ ᠡᠷᠬᠡ ᠶᠢᠨ ᠬᠠᠷᠢᠶ᠎ᠠ ᠶᠢ | ᠪᠠᠶᠢᠴᠠᠭᠠᠬᠤ᠂ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ ᠮᠠᠷᠭᠤᠯᠳᠤᠭᠠᠨ ᠢ ᠵᠣᠬᠢᠴᠠᠭᠤᠯᠤᠨ | ᠰᠢᠢᠳᠪᠦᠷᠢᠯᠡᠬᠦ᠂ ᠦᠷ᠎ᠡ ᠪᠦᠲᠦᠭᠡᠯ ᠢ ᠬᠡᠷᠡᠭᠯᠡᠬᠦ ᠲᠦᠷᠢᠮ᠂ ᠪᠠᠷᠢᠮᠵᠢᠶ᠎ᠠ᠂ ᠵᠢᠷᠤᠮᠵᠢᠯ ᠢ ᠲᠤᠤᠱᠯᠠᠭᠤᠯᠤᠨ | ᠨᠠᠶᠢᠳᠠᠪᠤᠷᠢᠵᠢᠭᠤᠯᠤᠨ᠎ᠠ᠃ ᠪᠦᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ ᠦᠯᠦ ᠬᠥᠳᠡᠯᠬᠦ ᠬᠥᠷᠥᠩᠭᠡ ᠶᠢ | ᠳᠠᠩᠰᠠᠯᠠᠨ ᠲᠡᠮᠳᠡᠭᠯᠡᠬᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠢ ᠪᠦᠷᠢᠨᠰᠢᠭᠦᠯᠦᠨ᠎ᠡ᠃ | ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠮᠠᠲ᠋ᠧᠷᠢᠶᠠᠯ ᠢ ᠴᠤᠭᠯᠠᠭᠤᠯᠬᠤ | ᠂ ᠡᠮᠬᠢᠯᠡᠬᠦ᠂ ᠬᠠᠮᠲᠤ ᠪᠠᠷ ᠡᠳᠡᠯᠡᠬᠦ᠂ ᠬᠤᠷᠢᠶᠠᠩᠭᠤᠶᠢᠯᠠᠨ ᠲᠤᠰᠢᠶᠠᠵᠤ ᠬᠠᠮᠢᠶᠠᠷᠬᠤ ᠵᠡᠷᠭᠡ ᠶᠢ ᠬᠠᠷᠢᠭᠤᠴᠠᠨ᠎ᠠ᠃ | ︵ᠳᠥᠷᠪᠡ︶ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠠᠵᠢᠯ ᠢ | ᠬᠠᠷᠢᠭᠤᠴᠠᠨ᠎ᠠ᠃ ᠤᠯᠤᠰ ᠠᠴᠠ ᠲᠣᠭᠲᠠᠭᠠᠭᠰᠠᠨ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ | ᠪᠠᠶᠠᠯᠢᠭ ᠤᠨ ᠡᠳ᠋ ᠬᠥᠷᠥᠩᠭᠡ ᠶᠢᠨ ᠲᠤᠭ᠎ᠠ ᠪᠦᠷᠢᠳᠬᠡᠯ ᠤᠨ ᠳᠦᠷᠢᠮ ᠪᠠ ᠲᠡᠭᠡᠳᠦ ᠱᠠᠲᠤᠨ ᠤ ᠬᠠᠮᠢᠶ᠎ᠠ ᠪᠦᠬᠦᠢ | ᠲᠣᠭᠲᠠᠭᠠᠯ ᠶᠤᠰᠤᠭᠠᠷ᠂ ᠪᠦᠬᠦ ᠬᠤᠰᠢᠭᠤᠨ ᠤ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ | ᠪᠠᠶᠠᠯᠢᠭ ᠤᠨ ᠡᠳ᠋ ᠬᠥᠷᠥᠩᠭᠡ ᠶᠢᠨ ᠲᠣᠭᠠᠴᠠᠭ᠎ᠠ ᠬᠢᠬᠦ ᠶᠢ ᠬᠠᠷᠢᠭᠤᠴᠠᠨ᠎ᠠ᠃ ᠪᠦᠬᠦ ᠬᠤᠰᠢᠭᠤᠨ ᠤ ᠠᠷᠠᠳ | ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠬᠥᠷᠥᠩᠭᠡ ᠶᠢᠨ ᠦᠷᠢᠳᠦᠯ ᠤᠨ ᠬᠦᠰᠦᠨᠦᠭᠲᠦ ᠶᠢ | ᠨᠠᠶᠢᠷᠠᠭᠤᠯᠤᠨ ᠵᠣᠬᠢᠶᠠᠨ᠎ᠠ᠃ ᠪᠦᠬᠦ ᠬᠤᠰᠢᠭᠤᠨ ᠤ ᠠᠷᠠᠳ ᠨᠡᠶᠢᠲᠡ ᠶᠢᠨ ᠥᠮᠴᠢᠯᠡᠯ ᠤᠨ ᠪᠠᠢᠭᠠᠯᠢ ᠶᠢᠨ ᠡᠬᠢ | ᠪᠠᠶᠠᠯᠢᠭ ᠤᠨ ᠡᠳ᠋ ᠬᠥᠷᠥᠩᠭᠡ ᠶᠢ ᠰᠢᠯᠵᠢᠭᠦᠯᠦᠨ ᠥᠭᠬᠦ᠂ ᠨᠠᠶᠢᠳᠠᠨ ᠰᠢᠯᠵᠢᠭᠦᠯᠬᠦ᠂ ᠲᠦᠷᠢᠶᠡᠰᠦᠯᠡᠬᠦ᠂ ᠬᠠᠩᠰᠢᠯᠠᠵᠤ | ᠪᠡᠯᠡ ᠭᠠᠷᠭᠠᠬᠤ ᠪᠠ ᠭᠠᠵᠠᠷ ᠰᠢᠷᠣᠢ ᠨᠥᠭᠡᠴᠡᠯᠡᠬᠦ ᠲᠥᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ | ᠂ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢ ᠵᠦᠶ ᠵᠣᠬᠢᠰᠲᠠᠶ | ᠬᠤᠪᠢᠶᠠᠷᠢᠯᠠᠨ ᠲᠤᠬᠢᠷᠠᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠲᠡᠭ ᠢ ᠦᠨᠡᠯᠡᠨ | ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠦᠬᠦᠢ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠠᠤᠯᠢ | ᠶᠣᠰᠣᠭᠠᠷ ᠬᠤᠷᠢᠶᠠᠨ ᠠᠪᠤᠨ᠎ᠠ᠃ | ︵ᠲᠠᠪᠤ︶ ᠪᠠᠶᠢᠭᠠᠯᠢ ᠶᠢᠨ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ | ᠪᠠᠶᠢᠭᠠᠯᠢ ᠶᠢᠨ ᠡᠬᠢ ᠪᠠᠶᠠᠯᠢᠭ ᠢ ᠬᠥᠭᠵᠢᠭᠦᠯᠬᠦ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢ ᠵᠣᠬᠢᠶᠠᠨ | ᠪᠠᠶᠢᠭᠤᠯᠵᠤ᠂ ᠲᠡᠭᠡᠳᠦ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨᠠᠰᠢᠭᠯᠠᠬᠤ ᠪᠠᠷᠢᠮᠵᠢᠶ᠎ᠠ ᠶᠢ | ᠨᠠᠢᠳᠠᠪᠤᠷᠢᠵᠢᠭᠤᠯᠬᠤ᠂ ᠵᠠᠰᠠᠭ ᠤᠨ ᠣᠷᠳᠣᠨ ᠤ ᠢᠯᠡ ᠪᠠᠷ ᠨᠡᠶᠢᠲᠡᠯᠡᠭᠰᠡᠨ ᠪᠠᠶᠢᠭᠠᠯᠢ ᠶᠢᠨ ᠡᠬᠢ ᠪᠠᠶᠠᠯᠢᠭ ᠤᠨ ᠦᠨ᠎ᠡ | ᠬᠠᠩᠰᠢ ᠶᠢᠨ ᠰᠢᠰᠲ᠋ᠧᠮ ᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠳᠡᠰ ᠬᠤᠪᠢᠶᠠᠨ ᠲᠣᠭᠲᠠᠭᠠᠭᠰᠠᠨ | ᠦᠨ᠎ᠡ ᠬᠠᠩᠰᠢ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠠᠷᠪᠢᠲᠠᠶ ᠡᠷᠴᠢᠮᠯᠢᠭ ᠠᠰᠢᠭᠯᠠᠬᠤ ᠶᠢ ᠵᠢᠯᠣᠭᠤᠳᠤᠨ᠎ᠠ | ᠃ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠳᠤ ᠬᠤᠯᠪᠣᠭᠳᠠᠬᠤ ᠬᠤᠷᠸ᠎ᠠ ᠲᠣᠬᠢᠷᠠᠭᠤᠯᠤᠯᠳᠠ᠂ ᠤᠷᠤᠨ | ᠪᠦᠰᠡ ᠶᠢᠨ ᠵᠣᠬᠢᠴᠠᠭᠤᠯᠭ᠎ᠠ ᠪᠠ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠳᠤ ᠬᠤᠯᠪᠣᠭᠳᠠᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠬᠤ ᠠᠵᠢᠯ ᠢ ᠵᠣᠬᠢᠶᠠᠨ ᠪᠠᠶᠢᠭᠤᠯᠤᠨ᠎ᠠ᠃ | ︵ᠵᠢᠷᠭᠤᠭ᠎ᠠ︶ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠶᠢ ᠬᠠᠷᠢᠭᠤᠴᠠᠬᠤ ᠶᠢᠨ ᠬᠠᠮᠳᠤ | ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ︽ᠨᠢᠭᠡ ᠵᠢᠷᠤᠭ ᠲᠥᠰᠦᠪ᠂ ᠣᠯᠠᠨ ᠲᠥᠯᠥᠪᠵᠢᠭᠦᠯᠭᠡ ᠶᠢ ᠨᠢᠭᠡᠳᠬᠡᠬᠦ︾ | ᠶᠢ ᠬᠡᠷᠡᠭᠵᠢᠭᠦᠯᠬᠦ ᠶᠢ ᠠᠬᠢᠭᠤᠯᠵᠤ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ ᠶᠢᠨ | ᠪᠠᠶᠢᠯᠳᠤᠬᠤ ᠪᠣᠳᠣᠯᠭ᠎ᠠ ᠪᠠ ᠳᠦᠷᠢᠮ ᠢ ᠠᠬᠢᠭᠤᠯᠵᠤ᠂ ᠪᠦᠬᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠲᠥᠯᠥᠪᠵᠢᠭᠦᠯᠪᠡ ᠪᠠ ᠬᠠᠮᠢᠶ᠎ᠠ ᠪᠦᠬᠦᠢ ᠲᠤᠰᠬᠠᠢ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠶᠢᠨ ᠬᠠᠮᠳᠤ ᠬᠢᠨᠠᠯᠳᠠ ᠲᠠᠯᠪᠢᠵᠦ ᠬᠡᠷᠡᠭᠵᠢᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠶ ᠶᠢ ᠨᠡᠭᠡᠭᠡᠨ ᠬᠥᠭᠵᠢᠭᠦᠯᠬᠦ ᠳᠤ ᠲᠣᠬᠢᠷᠠᠮᠵᠢᠲᠠᠶ ᠴᠢᠨᠠᠷ ᠤᠨ ᠦᠨᠡᠯ ᠡᠯᠲᠡ ᠶᠢ ᠥᠷᠨᠢᠭᠦᠯᠵᠦ᠂ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠬᠡᠮᠵᠢᠬᠦ᠂ | ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ᠎ᠠ᠃ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤᠨ ᠤ | ᠨᠡᠭᠡᠭᠡᠯᠲᠡ ᠶᠢᠨ ᠵᠠᠭᠠᠭ ᠬᠢᠵᠠᠭᠠᠷ ᠵᠡᠷᠭᠡ ᠡᠵᠡᠮᠰᠢᠯ ᠤᠨ ᠱᠤᠭᠤᠮ ᠢ ᠲᠣᠭᠲᠠᠭᠠᠬᠤ ᠠᠵᠢᠯ ᠢ ᠵᠤᠬᠢᠶᠠᠨ ᠪᠠᠶᠢᠭᠤᠯᠵᠤ᠂ | ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠶ ᠶᠢᠨ ᠬᠠᠮᠠᠭᠠᠯᠠᠯᠳᠠ ᠶᠢᠨ ᠦᠢᠯᠡᠳᠪᠦᠷᠢᠯᠡᠯ᠂ ᠠᠮᠢᠳᠤᠷᠠᠯ᠂ ᠠᠮᠢ | ᠠᠬᠤᠶ ᠶᠢᠨ ᠣᠷᠣᠨ ᠵᠠᠶ ᠶᠢᠨ ᠪᠠᠶᠢᠷᠢᠰᠢᠯ ᠢ ᠪᠠᠶᠢᠭᠤᠯᠤᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠬᠡᠷᠡᠭᠴᠡᠭᠡ ᠶᠢ ᠵᠠᠬᠢᠷᠤᠨ ᠬᠠᠮᠢᠶᠠᠷᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦ ᠬᠤᠰᠢᠭᠤᠨ ᠤ ᠬᠤᠲᠠ | ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠬᠤ᠂ ᠬᠢᠨᠠᠨ ᠪᠠᠶᠢᠴᠠᠭᠠᠬᠤ᠂ ᠮᠡᠳᠡᠭᠦᠯᠦᠨ | ᠵᠥᠪᠰᠢᠶᠡᠷᠡᠭᠦᠯᠬᠦ ᠪᠠ ᠵᠣᠬᠢᠶᠠᠨ ᠪᠠᠶᠢᠭᠤᠯᠵᠦ ᠬᠡᠷᠡᠭᠵᠢᠭᠦᠯᠬᠦ᠂ ᠬᠢᠨᠠᠯᠳᠠ ᠲᠠᠯᠪᠢᠵᠤ ᠪᠠᠶᠢᠴᠠᠭᠠᠬᠤ ᠠᠵᠢᠯ ᠢ | ᠬᠠᠷᠢᠭᠤᠴᠠᠨ᠎ᠠ᠃ ᠬᠤᠲᠠ ᠬᠥᠳᠡᠭᠡ ᠶᠢᠨ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ | ᠲᠥᠯᠥᠪᠵᠢᠭᠦᠯᠭᠡ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠶᠢ ᠬᠠᠷᠢᠭᠤᠴᠠᠨ᠎ᠠ᠃ ᠲᠡᠭᠡᠳᠦ ᠱᠠᠲᠤᠨ ᠠᠴᠠ | ᠲᠣᠭᠲᠠᠭᠠᠭᠰᠠᠨ ᠬᠤᠲᠠ ᠪᠠᠯᠭᠠᠰᠤᠵᠢᠯᠲᠠ ᠶᠢ ᠲᠦᠯᠬᠢᠨ ᠠᠬᠢᠭᠤᠯᠬᠤ ᠴᠢᠭᠯᠡᠯᠲᠡ ᠲᠦᠷᠦ ᠶᠢᠨ ᠪᠤᠳᠤᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠭᠠᠵᠠᠷ ᠰᠢᠷᠣᠶ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠣᠨ ᠤ | ᠠᠰᠢᠭᠯᠠᠯᠲᠠ ᠶᠢᠨ ᠲᠥᠯᠥᠪᠯᠡᠭᠡ ᠶᠢ ᠬᠡᠷᠡᠭᠵᠢᠭᠦᠯᠦᠨ᠎ᠡ᠃ ᠭᠠᠵᠠᠷ ᠰᠢᠷᠣᠶ ᠵᠡᠷᠭᠡ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠬᠡᠷᠡᠭᠴᠡᠭᠡ ᠶᠢ ᠰᠢᠯᠵᠢᠭᠦᠯᠦᠨ ᠬᠡᠷᠡᠭᠯᠡᠭᠦᠯᠬᠦ ᠠᠵᠢᠯ ᠢ ᠬᠠᠷᠢᠭᠤᠴᠠᠨ᠎ᠠ᠃ ᠭᠠᠵᠠᠷ ᠰᠢᠷᠣᠶ ᠶᠢ | ᠲᠠᠲᠠᠪᠤᠷᠢᠯᠠᠨ ᠠᠪᠬᠤ ᠪᠠ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ | |