ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠤᠨ ᠪᠠᠶᠢᠭᠤᠯᠤᠮᠵᠢ ᠶᠢᠨ ᠡᠭᠦᠷᠭᠡ ᠴᠢᠳᠠᠪᠬᠢ
ᠨᠡᠶᠢᠲᠡᠯᠡᠭᠰᠡᠨ ᠴᠠᠭ᠄
2020/7/7
     ᠪᠠᠶᠢᠭᠤᠯᠤᠮᠵᠢ ᠶᠢᠨ ᠨᠡᠷᠡᠶᠢᠳᠦᠯ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ    ᠪᠠᠶᠢᠭᠤᠯᠤᠮᠵᠢ ᠶᠢᠨ ᠰᠢᠨᠵᠢ ᠴᠢᠨᠠᠷ᠄ ᠵᠠᠰᠠᠭ ᠵᠠᠬᠢᠷᠭᠠᠨ    ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷᠠᠴᠢᠨ ᠬᠤᠰᠢᠭᠤᠨ ᠤ ᠵᠢᠨᠱᠠᠨ ᠪᠠᠯᠭᠠᠰᠤ    ᠬᠠᠷᠢᠯᠴᠠᠬᠤ ᠤᠲᠠᠰᠤ᠄ 18947606996    ᠡᠭᠦᠷᠭᠡ ᠬᠠᠷᠢᠭᠤᠴᠠᠯᠭ᠎ᠠ᠄    ︵ᠨᠢᠭᠡ︶ ᠨᠠᠮ ᠪᠠ ᠤᠯᠤᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠵᠢᠴᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠢᠳᠠᠪᠤᠷᠢᠵᠢᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶ᠎ᠠ ᠪᠣᠯᠤᠨ ᠬᠤᠰᠢᠭᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃    ︵ᠬᠤᠶᠠᠷ︶ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ ᠪᠦᠬᠦ ᠬᠤᠰᠢᠭᠤᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠲᠥᠷᠦ ᠶᠢᠨ ᠪᠣᠳᠣᠯᠭ᠎ᠠ᠂  ᠲᠦᠷᠢᠮ ᠪᠣᠯᠤᠨ ᠪᠠᠷᠢᠮᠵᠢᠶ᠎ᠠ ᠵᠡᠷᠭᠡ ᠶᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃︵ᠭᠤᠷᠪᠠ︶ ᠪᠦᠬᠦ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠢ ᠳᠤ ᠲᠦᠯᠦᠪᠵᠢᠭᠦᠯᠦᠨ ᠠᠬᠢᠭᠤᠯᠤᠨ᠎ᠠ᠃ ᠬᠤᠰᠢᠭᠤᠨ ᠤ ᠲᠣᠰ ᠱᠠᠲᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ ᠢ ᠬᠠᠷᠢᠭᠤᠴᠠᠨ ᠲᠣᠭᠲᠠᠭᠠᠨ᠎ᠠ᠃ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ᠂ ᠳᠣᠲᠣᠭᠠᠳᠤ ᠪᠣᠯᠤᠨ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ ︵︽ᠭᠤᠷᠪᠠ ᠶᠢ ᠲᠣᠭᠲᠠᠭᠠᠬᠤ︾ ᠲᠣᠭᠲᠠᠭᠠᠯ ᠭᠡᠵᠦ ᠲᠣᠪᠴᠢᠯᠠᠨ᠎ᠠ︶ ᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ᠃ ᠠᠵᠢᠯ ᠲᠥᠷᠥᠯ ᠤᠨ ᠬᠠᠮᠢᠶᠠᠷᠤᠯᠲᠠ ᠶᠢᠨ ᠶᠢᠨ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠤᠨ᠎ᠠ᠃︵ᠳᠥᠷᠪᠡ︶ ᠪᠦᠬᠦ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠨᠢᠭᠡᠳᠦᠯᠲᠡᠢ ᠳᠤ ᠲᠦᠯᠦᠪᠵᠢᠭᠦᠯᠦᠨ ᠠᠬᠢᠭᠤᠯᠤᠨ᠎ᠠ᠃ ᠠᠵᠢᠯ ᠦᠢᠯᠡᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ ᠢ ᠬᠠᠷᠢᠭᠤᠴᠠᠨ ᠲᠣᠭᠲᠠᠭᠠᠨ᠎ᠠ᠃ ᠡᠷᠬᠡ ᠶᠢᠨ ᠬᠡᠪᠴᠢᠶ᠎ᠡ ᠶᠣᠰᠣᠭᠠᠷ᠂ ᠬᠤᠰᠢᠭᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ᠂ ᠪᠠᠶᠢᠭᠤᠯᠤᠮᠵᠢ ᠶᠢᠨ ᠲᠥᠷᠥᠯ ᠢᠯᠭᠠᠯ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ᠂  ᠲᠤᠳᠤᠭᠠᠳᠤᠬᠢ᠂ ᠠᠵᠢᠯᠲᠠᠨ ᠤ ᠣᠷᠣᠨ ᠲᠤᠭ᠎ᠠ ᠪᠣᠯᠤᠨ ᠪᠦᠲᠦᠴᠡ ᠶᠢᠨ ᠲᠤᠬᠠᠶ ᠲᠣᠭᠲᠠᠭᠠᠯ ︵︽ᠲᠠᠪᠤ ᠶᠢ ᠲᠣᠭᠲᠠᠭᠠᠬᠤ︾ ᠲᠣᠭᠲᠠᠭᠠᠯ ᠭᠡᠵᠦ ᠲᠣᠪᠴᠢᠯᠠᠨ᠎ᠠ︶ ᠢ ᠵᠣᠬᠢᠶᠠᠨ ᠪᠠᠶᠢᠭᠤᠯᠤᠨ ᠲᠣᠭᠲᠠᠭᠠᠨ᠎ᠠ᠃︵ᠲᠠᠪᠤ︶ ᠬᠤᠰᠢᠭᠤᠨ ᠤ ᠰᠢᠭᠤᠳ ᠬᠠᠷᠢᠶ᠎ᠠ ᠨᠠᠮ ᠵᠠᠰᠠᠭ ᠣᠯᠠᠨ ᠲᠦᠮᠡᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ ᠶᠢ ᠬᠠᠷᠢᠭᠤᠴᠠᠵᠤ᠂ ᠪᠦᠬᠦ ᠬᠤᠰᠢᠭᠤᠨ ᠤ ᠡᠯ᠎ᠡ ᠱᠠᠲᠤ ᠳᠠᠪᠬᠤᠷᠭ᠎ᠠ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠤᠭᠤᠷᠣᠨᠳᠣᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠠᠵᠢᠯ ᠶᠠᠪᠤᠳᠠᠯ ᠤᠨ ᠡᠷᠬᠡ ᠶᠢᠨ ᠬᠤᠪᠢᠶᠠᠷᠢᠯᠠᠯ ᠢ ᠵᠣᠬᠢᠴᠠᠭ᠋ᠯᠤᠨ᠎ᠠ᠃︵ᠵᠢᠷᠭᠤᠭ᠎ᠠ︶ ᠪᠦᠬᠦ ᠬᠤᠰᠢᠭᠤᠨ ᠤ ᠡᠯ᠎ᠡ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠣᠷᠣᠨ ᠲᠤᠭ᠎ᠠ ᠶᠢᠨ ᠶᠡᠷᠦᠩᠬᠡᠢ ᠲᠤᠭ᠎ᠠ ᠶᠢ ᠬᠠᠷᠢᠭᠤᠴᠠᠨ ᠬᠠᠮᠢᠶᠠᠷᠴᠤ᠂ ᠪᠦᠬᠦ ᠬᠤᠰᠢᠭᠤᠨ ᠤ ᠪᠠᠶᠢᠭᠤᠯᠤᠮᠵᠢ ᠶᠢᠨ ᠣᠷᠣᠨ ᠲᠤᠭ᠎ᠠ ᠶᠢ  ᠪᠦᠷᠢᠳᠭᠡᠬᠦ᠂ ᠦᠨᠡᠨ ᠨᠡᠷ᠎ᠡ ᠶᠢᠨ ᠳᠦᠷᠢᠮ ᠤᠨ ᠠᠵᠢᠯ ᠢ ᠡᠭᠦᠷᠭᠡᠯᠡᠨ᠎ᠡ᠃︵ᠳᠣᠯᠤᠭ᠎ᠠ︶ ᠬᠤᠰᠢᠭᠤ ᠱᠠᠲᠤᠨ ᠤ ᠪᠠᠶᠢᠭᠤᠯᠭ᠎ᠠ ᠵᠢᠴᠢ ᠠᠵᠢᠯ ᠦᠢᠯᠡᠰ ᠤᠨ ᠨᠢᠭᠡᠴᠡ ᠶᠢᠨ ᠡᠳᠦᠷ ᠲᠤᠲᠤᠮ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠶᠠᠪᠤᠳᠠᠯ ᠢ ᠬᠠᠷᠢᠭᠤᠴᠠᠨ᠎ᠠ᠃︵ᠨᠠᠢᠮᠠ︶ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠴᠢᠬᠤᠯᠠ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠳᠠ ᠬᠢᠬᠦ ᠶᠢ ᠬᠠᠷᠢᠭᠤᠴᠠᠨ᠎ᠠ᠃ ᠪᠠᠶᠢᠭᠤᠯᠤᠮᠵᠢ ᠶᠢᠨ ᠣᠷᠣᠨ ᠲᠤᠭ᠎ᠠ ᠶᠢᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ  ᠰᠢᠢᠳᠪᠦᠷᠢᠯᠡᠨ᠎ᠡ᠃︵ᠶᠢᠰᠦ︶ ᠬᠤᠰᠢᠭᠤᠨ ᠤ ᠲᠣᠰ ᠱᠠᠲᠤᠨ ᠤ ᠨᠠᠮ ᠵᠠᠰᠠᠭ ᠣᠯᠠᠨ ᠲᠦᠮᠡᠨ ᠤ ᠪᠠᠶᠢᠭᠤᠯᠭ᠎ᠠ ᠶᠢᠨ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠺᠣᠳ᠋ ᠣᠯᠭᠤᠬᠤ ᠦᠨᠡᠮᠯᠡᠯ ᠣᠯᠭᠤᠬᠤ ᠪᠠ ᠠᠵᠢᠯ ᠦᠢᠯᠡᠰ ᠤᠨ ᠨᠢᠭᠡᠴᠡ ᠶᠢᠨ ᠳᠡᠩᠰᠡᠯᠡᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠬᠤᠰᠢᠭᠤ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠰᠦᠯᠵᠢᠶᠡᠨ ᠳᠡᠭᠡᠷᠡᠬᠢ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃︵ᠠᠷᠪᠠ︶ ᠬᠤᠰᠢᠭᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃︵ᠠᠷᠪᠠᠨ ᠨᠢᠭᠡ︶ ᠬᠤᠰᠢᠭᠤ ᠨᠠᠮ ᠤᠨ ᠬᠤᠷᠢᠶᠠᠨ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号