ᠬᠠᠷᠠᠴᠢᠨ ᠬᠤᠰᠢᠭᠤᠨ ᠤ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠲᠥᠪ ᠤᠨ ᠪᠠᠶᠢᠭᠤᠯᠤᠮᠵᠢ ᠶᠢᠨ ᠡᠭᠦᠷᠭᠡ ᠴᠢᠳᠠᠪᠬᠢ
ᠨᠡᠶᠢᠲᠡᠯᠡᠭᠰᠡᠨ ᠴᠠᠭ᠄
2020/7/7
   ᠪᠠᠶᠢᠭᠤᠯᠤᠮᠵᠢ ᠶᠢᠨ ᠨᠡᠷᠡᠶᠢᠳᠦᠯ᠄ ᠬᠠᠷᠠᠴᠢᠨ ᠬᠤᠰᠢᠭᠤᠨ ᠤ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠲᠥᠪ ᠪᠠᠶᠢᠭᠤᠯᠤᠮᠵᠢ ᠶᠢᠨ ᠰᠢᠨᠵᠢ ᠴᠢᠨᠠᠷ᠄ ᠠᠵᠢᠯ ᠦᠢᠯᠡᠰ ᠤᠨ ᠨᠢᠭᠡᠴᠡ ᠠᠵᠢᠯᠯᠠᠬᠤ ᠬᠠᠶ᠋ᠢᠭ᠄ ᠬᠠᠷᠠᠴᠢᠨ ᠬᠤᠰᠢᠭᠤᠨ ᠤ ᠵᠢᠨᠱᠠᠨ ᠪᠠᠯᠭᠠᠰᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠶᠢᠨ ᠲᠠᠪᠤᠳᠤᠭᠠᠷ ᠳᠠᠪᠬᠤᠷᠭ᠎ᠠ ᠬᠠᠷᠢᠯᠴᠠᠬᠤ ᠤᠲᠠᠰᠤ᠄ 04763756772 ᠡᠭᠦᠷᠭᠡ ᠬᠠᠷᠢᠭᠤᠴᠠᠯᠭ᠎ᠠ᠄ ︵ᠨᠢᠭᠡ︶ ᠬᠤᠰᠢᠭᠤᠨ ᠤ ᠵᠠᠰᠠᠭ ᠤᠨ ᠣᠷᠳᠣᠨ ᠠᠴᠠ ᠲᠤᠷᠠᠳᠤᠭᠰᠠᠨ ᠬᠤᠳᠠᠯᠳᠤᠨ ᠠᠪᠬᠤ ᠲᠥᠯᠥᠪᠯᠡᠭᠡ ᠶᠢ ᠦᠨᠳᠦᠰᠦᠯᠡᠨ᠂ ᠪᠥᠬᠦ ᠬᠤᠰᠢᠭᠤᠨ ᠤ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠪᠠ ᠭᠠᠴᠠᠭᠠᠨ ᠤ ᠵᠥᠪᠯᠡᠯ ᠤᠨ ᠡᠷᠬᠢᠯᠳᠡ ᠳᠤ ᠤᠷᠤᠭᠤᠯᠬᠤ ᠴᠢᠬᠤᠯᠠᠲᠠᠶ ᠨᠥᠭᠡᠴᠡ ᠭᠠᠵᠠᠷ ᠪᠠ ᠪᠤᠰᠤᠳ ᠴᠡᠭᠴᠡᠯᠡᠬᠦ ᠴᠢᠬᠤᠯᠠᠲᠠᠶ ᠨᠥᠭᠡᠴᠡ ᠭᠠᠵᠠᠷ ᠰᠢᠷᠣᠶ ᠶᠢ ᠲᠣᠬᠢᠷᠠᠮᠵᠢᠲᠠᠢ ᠴᠠᠭ ᠲᠤᠨᠢ ᠬᠤᠳᠠᠯᠳᠤᠨ ᠠᠪᠤᠨ᠎ᠠ᠃︵ᠬᠤᠶᠠᠷ︶ ᠭᠠᠵᠠᠷ ᠰᠢᠷᠣᠶ ᠠᠰᠢᠭᠯᠠᠬᠤ ᠶᠡᠷᠦᠩᠬᠡᠶ ᠲᠥᠯᠥᠪᠵᠢᠭᠦᠯᠭᠡ ᠪᠠ ᠬᠤᠲᠠ ᠶᠢᠨ ᠶᠡᠷᠦᠩᠬᠡᠶ ᠲᠥᠯᠥᠪᠵᠢᠭᠦᠯᠭᠡ ᠵᠢᠴᠢ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ᠂ ᠵᠣᠬᠢᠬᠤ ᠬᠡᠮᠵᠢᠶᠡᠨ ᠤ ᠭᠠᠵᠠᠷ ᠰᠢᠷᠣᠶ ᠶᠢ ᠨᠥᠭᠡᠴᠡᠯᠡᠵᠦ᠂ ᠵᠠᠰᠠᠭ ᠤᠨ ᠣᠷᠳᠣᠨ ᠤ ᠭᠠᠵᠠᠷ ᠰᠢᠷᠣᠶ ᠶᠢᠨ ᠬᠠᠩᠭᠠᠯᠭ᠎ᠠ ᠬᠡᠷᠡᠭᠴᠡᠭᠡ ᠶᠢ ᠲᠣᠬᠢᠷᠠᠭᠤᠯᠤᠨ ᠡᠵᠡᠮᠳᠡᠬᠦ ᠡᠷᠴᠢᠮ ᠢ ᠴᠢᠩᠭᠠᠳᠬᠠᠨ᠎ᠠ᠃︵ᠭᠤᠷᠪᠠ︶ ᠬᠤᠰᠢᠭᠤ ᠵᠠᠰᠠᠭ ᠤᠨ ᠣᠷᠳᠣᠨ ᠤ ᠬᠠᠤᠯᠢ ᠶᠣᠰᠣᠭᠠᠷ ᠠᠯᠪᠠᠨ ᠳᠤ ᠲᠠᠳᠠᠭᠰᠠᠨ ᠪᠠ ᠬᠠᠤᠯᠢ ᠶᠣᠰᠣᠭᠠᠷ ᠬᠤᠷᠢᠶᠠᠭᠰᠠᠨ ᠰᠤᠯᠠ ᠭᠠᠵᠠᠷ᠂ ᠠᠲᠠᠷᠰᠢᠭᠤᠯᠤᠭᠰᠠᠨ ᠭᠠᠵᠠᠷ ᠵᠢᠴᠢ ᠣᠳᠣᠬᠠᠨ ᠳᠠᠭᠠᠨ ᠨᠡᠬᠡᠭᠡᠨ ᠠᠰᠢᠭᠯᠠᠵᠤ ᠲᠡᠶᠢᠯᠥᠭᠡ ᠦᠭᠡᠢ ᠭᠠᠵᠠᠷ ᠰᠢᠷᠣᠶ ᠶᠢ ᠬᠠᠷᠢᠭᠤᠴᠠᠨ ᠬᠠᠮᠢᠶᠠᠷᠤᠨ᠎ᠠ᠂ ᠲᠡᠷᠡᠴᠢᠯᠡᠨ ᠡᠳᠡᠭᠡᠷ ᠭᠠᠵᠠᠷ ᠢ ᠨᠥᠭᠡᠴᠡᠯᠡᠯᠲᠡ ᠶᠢᠨ ᠭᠠᠵᠠᠷ ᠰᠢᠷᠣᠶ ᠶᠢᠨ ᠬᠦᠷᠢᠶ᠎ᠡ ᠬᠡᠪᠴᠢᠶᠡᠨ ᠳᠤ ᠣᠷᠣᠭᠤᠯᠤᠨ᠎ᠠ᠃︵ᠲᠦᠷᠪᠡ︶ ᠡᠳ᠋ ᠤᠨ ᠵᠠᠰᠠᠭ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠤᠰᠢᠭᠤᠨ ᠤ ᠵᠠᠰᠠᠭ  ᠤᠨ ᠣᠷᠳᠣᠨ ᠤ ᠭᠠᠵᠠᠷ ᠰᠢᠷᠣᠶ ᠶᠢᠨ ᠨᠥᠭᠡᠴᠡᠯᠡᠯᠲᠡ ᠳᠤ ᠪᠡᠯᠡ ᠮᠥᠩᠭᠦ ᠴᠤᠭᠯᠠᠭᠤᠯᠵᠤ᠂  ᠭᠠᠵᠠᠷ ᠰᠢᠷᠦᠢ ᠶᠢᠨ ᠨᠦᠭᠡᠴᠡ ᠪᠡᠯᠡ ᠮᠥᠩᠭᠦ ᠶᠢ ᠰᠠᠶᠢᠲᠤᠷ ᠬᠠᠮᠢᠶᠠᠷᠴᠤ ᠵᠤᠬᠢᠰᠲᠠᠢ ᠬᠡᠷᠡᠭᠯᠡᠨ᠎ᠡ᠃︵ᠲᠠᠪᠤ︶ ᠬᠤᠰᠢᠭᠤᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠨᠥᠭᠡᠴᠡ ᠭᠠᠵᠠᠷ ᠤᠨ ᠡᠮᠦᠨ᠎ᠡ ᠬᠤᠭᠤᠴᠠᠭᠠᠨ ᠤ ᠨᠡᠭᠡᠭᠡᠨ ᠠᠰᠢᠭᠯᠠᠬᠤ ᠠᠵᠢᠯ ᠢ ᠰᠠᠶᠢᠲᠤᠷ ᠬᠢᠵᠦ᠂ ᠭᠠᠵᠠᠷ ᠰᠢᠷᠣᠶ ᠬᠤᠳᠠᠯᠳᠤᠨ ᠠᠪᠬᠤ᠂ ᠭᠠᠵᠠᠷ ᠰᠢᠷᠦᠢ ᠶᠢᠨ ᠨᠦᠭᠡᠴᠡ ᠪᠡᠯᠡ ᠮᠥᠩᠭᠦ ᠶᠢ  ᠬᠡᠮᠵᠢᠨ ᠪᠤᠳᠤᠬᠤ ᠲᠡᠩᠴᠡᠭᠦᠷᠢ᠂ ᠬᠤᠳᠠᠯᠳᠤᠭᠠᠴᠢᠨ ᠤᠷᠢᠵᠤ ᠵᠦᠪᠳᠡᠯᠴᠡᠬᠦ ᠵᠢᠴᠢ ᠵᠠᠬ᠎ᠠ ᠳᠡᠯᠭᠡᠭᠦᠷ ᠲᠤ ᠣᠷᠣᠭᠤᠯᠬᠤ ᠡᠮᠦᠨ᠎ᠡ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ   ᠬᠢᠨ᠎ᠡ᠃ ᠭᠠᠵᠠᠷ ᠰᠢᠷᠣᠶ ᠨᠠᠶᠢᠳᠠᠨ ᠬᠡᠷᠡᠭᠯᠡᠭᠦᠯᠬᠦ ᠪᠤᠰᠤᠳ ᠪᠡᠯᠡᠳᠬᠡᠯ ᠠᠵᠢᠯ ᠢ ᠰᠠᠶᠢᠳᠤᠷ ᠬᠢᠨ᠎ᠡ᠃︵ᠵᠢᠷᠭᠤᠭ᠎ᠠ︶ ᠬᠤᠰᠢᠭᠤᠨ ᠤ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号