ᠬᠠᠷᠠᠴᠢᠨ ᠤ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠪᠠᠶᠢᠭᠤᠯᠤᠮᠵᠢ ᠶᠢᠨ ᠡᠭᠦᠷᠭᠡ ᠴᠢᠳᠠᠪᠬᠢ
ᠨᠡᠶᠢᠲᠡᠯᠡᠭᠰᠡᠨ ᠴᠠᠭ᠄
2020/7/7
  ᠬᠠᠷᠠᠴᠢᠨ ᠤ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠪᠠᠶᠢᠭᠤᠯᠤᠮᠵᠢ ᠶᠢᠨ ᠡᠭᠦᠷᠭᠡ ᠴᠢᠳᠠᠪᠬᠢ  ᠪᠠᠶᠢᠭᠤᠯᠤᠮᠵᠢ ᠶᠢᠨ ᠨᠡᠷᠡᠶᠢᠳᠦᠯ᠄ ᠬᠠᠷᠠᠴᠢᠨ ᠤ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ   ᠪᠠᠶᠢᠭᠤᠯᠤᠮᠵᠢ ᠶᠢᠨ ᠰᠢᠨᠵᠢ ᠴᠢᠨᠠᠷ᠄ ᠵᠠᠰᠠᠭ ᠵᠠᠬᠢᠷᠭ᠎ᠠ   ᠬᠠᠶ᠋ᠢᠭ᠄ ᠬᠠᠷᠠᠴᠢᠨ ᠬᠤᠰᠢᠭᠤ ᠪᠠ ᠠᠮᠧᠷᠢᠺᠠ ᠶᠢᠨ ᠠᠵᠤ ᠦᠶ᠋ᠯᠡᠳᠪᠦᠷᠢ ᠠᠷᠠᠯᠵᠢᠶᠠᠨ ᠤ ᠬᠦᠷᠢᠶᠡᠯᠡᠩ ᠲᠣᠭᠤᠷᠢᠭ ᠤᠨ ᠶᠢᠩ ᠴᠠᠩ ᠵᠡᠭᠡᠯᠢ ᠪᠠ G16 ᠳ᠋ᠠᠨᠰᠢ ᠥᠨᠳᠥᠷ ᠬᠤᠷᠳᠤᠴᠠᠲᠤ ᠵᠠᠰᠠᠮᠠᠯ ᠵᠠᠮ ᠤᠨ ᠠᠭᠤᠯᠵᠠᠷ   ᠬᠠᠷᠢᠯᠴᠠᠬᠤ ᠤᠲᠠᠰᠤ᠄ 0476 — 3995166   ᠡᠭᠦᠷᠭᠡ ᠬᠠᠷᠢᠭᠤᠴᠠᠯᠭ᠎ᠠ᠄    · ᠬᠠᠷᠠᠴᠢᠨ ᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠭᠦᠷᠭᠡ ᠬᠠᠷᠢᠭᠤᠴᠠᠯᠭ᠎ᠠ᠄    ︵ᠨᠢᠭᠡ︶ ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠪᠣᠯᠤᠨ ᠠᠵᠢᠯ ᠤᠨ ᠲᠥᠯᠥᠪᠯᠡᠭᠡ ᠲᠤᠭᠳᠠᠭᠠᠬᠤ ᠶᠢ ᠬᠠᠷᠢᠭᠤᠴᠠᠨ᠎ᠠ᠃    ︵ᠬᠤᠶᠠᠷ︶ ᠨᠡᠭᠡᠭᠡᠯᠲᠡ ᠶᠢᠨ ᠲᠣᠭᠤᠷᠢᠭ ᠤᠨ ᠰᠠᠭᠤᠷᠢ ᠳᠥᠬᠦᠭᠡᠷᠥᠮᠵᠢ ᠪᠠ ᠲᠥᠷᠥᠯ ᠵᠦᠢᠯ ᠤᠨ ᠪᠥᠲᠥᠭᠡᠨ ᠪᠠᠶᠢᠭᠤᠯᠠᠯᠲᠠ ᠶᠢ ᠬᠠᠷᠢᠭᠤᠴᠠᠨ᠎ᠠ᠃    ︵ᠭᠤᠷᠪᠠ︶ ᠬᠤᠳᠠᠯᠳᠤᠭᠠᠴᠢᠨ ᠤᠷᠢᠵᠤ ᠪᠠᠯᠠ ᠲᠠᠳᠠᠬᠤ ᠪᠠ ᠪᠠᠯᠠ ᠬᠤᠷᠠᠮᠳᠤᠭᠤᠯᠬᠤ ᠠᠵᠢᠯ ᠢ ᠵᠣᠬᠢᠶᠠᠨ ᠪᠠᠶᠢᠭᠤᠯᠤᠨ᠎ᠠ᠃    ︵ᠳᠥᠷᠪᠡ︶ ᠨᠡᠭᠡᠭᠡᠯᠲᠡ ᠶᠢᠨ ᠲᠣᠭᠤᠷᠢᠭ ᠤᠨ ᠠᠵᠤ ᠠᠬᠤᠶ ᠶᠢᠨ ᠠᠵᠢᠯᠯᠠᠭᠠᠨ ᠢ ᠳᠣᠭᠢᠷᠠᠭᠤᠯᠬᠤ᠂ ᠠᠵᠤ ᠠᠬᠤᠶ ᠶᠢᠨ ᠭᠦᠢᠴᠡᠳᠭᠡᠯ ᠲᠤᠭ᠎ᠠ ᠶᠢ ᠪᠦᠷᠢᠳᠬᠡᠬᠦ ᠵᠡᠷᠭᠡ ᠠᠵᠢᠯ ᠢ ᠬᠠᠷᠢᠭᠤᠴᠠᠨ᠎ᠠ᠃    ︵ᠲᠠᠪᠤ︶ ᠨᠡᠭᠡᠭᠡᠯᠲᠡ ᠶᠢᠨ ᠲᠣᠭᠤᠷᠢᠭ ᠤᠨ ᠨᠠᠮ ᠤᠨ ᠪᠠᠶᠢᠭᠤᠯᠤᠯᠲᠠ᠂ ᠣᠯᠠᠨ ᠲᠦᠮᠡᠨ ᠤ ᠪᠦᠯᠬᠦᠮ᠂ ᠵᠡᠪᠰᠡᠭᠲᠦ ᠬᠦᠴᠦᠨ  ᠤ ᠲᠤᠬᠠᠢ ᠵᠡᠷᠭᠡ ᠠᠵᠢᠯ ᠢ ᠬᠠᠷᠢᠭᠤᠴᠠᠨ᠎ᠠ᠃    ︵ᠵᠢᠷᠭᠤᠭ᠎ᠠ︶ ᠬᠤᠰᠢᠭᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃    ᠬᠤᠶᠠᠷ᠂ ᠳᠣᠲᠣᠭᠠᠳᠤ ᠪᠠᠶᠢᠭᠤᠯᠤᠮᠵᠢ ᠵᠢᠴᠢ ᠠᠵᠢᠯ ᠤᠨ ᠡᠭᠦᠷᠭᠡ ᠬᠠᠷᠢᠭᠤᠴᠠᠯᠭ᠎ᠠ᠄ ᠨᠡᠭᠡᠭᠡᠯᠲᠡ ᠶᠢᠨ ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠣᠲᠣᠭᠠᠳᠤ ᠳᠤ ᠨᠠᠮ ᠵᠠᠰᠠᠭ ᠤᠨ ᠠᠯᠪᠠᠨ ᠬᠡᠷ᠂ ᠠᠵᠤ ᠠᠬᠤᠶ ᠶᠢᠨ ᠬᠥᠭᠵᠢᠯᠲᠡ ᠶᠢᠨ ᠲᠣᠪᠴᠢᠶ᠎ᠠ᠂ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭᠠᠨ ᠲᠠᠰ ᠤᠨ 3 ᠪᠠᠶᠢᠭᠤᠯᠤᠮᠵᠢ ᠪᠠᠶᠢᠭᠤᠯᠤᠨ᠎ᠠ᠃    ︵ᠨᠢᠭᠡ︶ ᠨᠠᠮ ᠵᠠᠰᠠᠭ ᠤᠨ ᠠᠯᠪᠠᠨ ᠬᠡᠷ    1. ᠨᠡᠭᠡᠭᠡᠯᠲᠡ ᠶᠢᠨ ᠲᠤᠭᠤᠷᠢᠭ ᠤᠨ ᠨᠠᠮ ᠤᠨ ᠠᠵᠢᠯ ᠤᠨ ᠵᠦᠪᠯᠡᠯ᠂ ᠬᠠᠮᠢᠶᠠᠷᠤᠯᠲᠠ ᠶᠢᠨ ᠵᠥᠪᠯᠡᠯ ᠤᠨ ᠡᠳᠦᠷ ᠲᠤᠲᠤᠮ ᠤᠨ ᠤᠴᠢᠷ ᠶᠠᠪᠤᠳᠠᠯ ᠢ ᠬᠠᠷᠢᠭᠤᠴᠠᠨ᠎ᠠ᠃    2. ᠪᠠᠶᠢᠭᠤᠯᠭ᠎ᠠ ᠶᠢᠨ ᠨᠠᠷᠢᠨ ᠪᠢᠴᠢᠭᠡᠴᠢ᠂ ᠡᠳ᠋ ᠤᠨ ᠶᠠᠪᠤᠳᠠᠯ᠂ ᠬᠤᠷᠠᠯ ᠤᠨ ᠶᠠᠪᠤᠳᠠᠯ᠂ ᠮᠡᠳᠡᠭᠡ ᠵᠠᠩᠭᠢ᠂ ᠳᠠᠩᠰᠠ ᠡᠪᠬᠡᠮᠡᠯ ᠵᠡᠷᠭᠡ ᠠᠵᠢᠯ ᠢ ᠬᠠᠷᠢᠭᠤᠴᠠᠨ᠎ᠠ᠃    3. ᠪᠠᠶᠢᠭᠤᠯᠭ᠎ᠠ ᠶᠢᠨ ᠨᠠᠮ ᠤᠨ ᠶᠠᠪᠤᠳᠠᠯ᠂ ᠠᠵᠢᠯᠲᠠᠨ ᠤ ᠶᠠᠪᠤᠳᠠᠯ᠂ ᠢᠷᠡᠴᠡ ᠶᠢ ᠪᠦᠷᠢᠳᠭᠡᠬᠦ ᠵᠡᠷᠭᠡ ᠠᠵᠢᠯ ᠢ ᠬᠠᠷᠢᠭᠤᠴᠠᠨ᠎ᠠ  ᠃    4. ᠬᠢᠨᠠᠨ ᠪᠠᠶᠢᠴᠠᠭᠠᠬᠤ᠂  ᠵᠤᠬᠢᠴᠠᠭᠤᠯᠤᠨ ᠲᠣᠬᠢᠷᠠᠭᠤᠯᠬᠤ ᠵᠡᠷᠭᠡ ᠠᠵᠢᠯ ᠢ ᠬᠠᠷᠢᠭᠤᠴᠠᠨ᠎ᠠ᠃    5. ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠦᠪᠯᠡᠯ ᠪᠣᠯᠤᠨ ᠬᠠᠮᠢᠶᠠᠷᠤᠯᠲᠠ ᠶᠢᠨ ᠵᠥᠪᠯᠡᠯ ᠠᠴᠠ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ ᠭᠦᠢᠴᠡᠳᠭᠡᠨ᠎ᠡ᠃    ︵ᠬᠤᠶᠠᠷ︶ ᠠᠵᠤ ᠠᠬᠤᠶ ᠶᠢᠨ ᠬᠥᠭᠵᠢᠯᠲᠡ ᠶᠢᠨ ᠲᠣᠪᠴᠢᠶ᠎ᠠ    1.ᠨᠡᠬᠡᠭᠡᠯᠲᠡ ᠶᠢᠨ ᠲᠤᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃    2.ᠬᠤᠳᠠᠯᠳᠤᠭᠠᠴᠢᠨ ᠤᠷᠢᠭᠰᠠᠨ ᠲᠦᠷᠦᠯ ᠵᠦᠢᠯ ᠢ ᠵᠦᠪᠳᠡᠯᠴᠡᠬᠦ᠂ ᠭᠡᠷ᠎ᠡ ᠲᠣᠭᠲᠠᠬᠤ ᠵᠡᠷᠭᠡ ᠠᠵᠢᠯ ᠢ ᠬᠠᠷᠢᠭᠤᠴᠠᠨ᠎ᠠ  ᠃    3.ᠨᠡᠭᠡᠭᠡᠯᠲᠡ ᠶᠢᠨ ᠲᠤᠭᠤᠷᠢᠭ ᠤᠨ ᠠᠵᠤ ᠠᠬᠤᠢ ᠶᠢᠨ ᠠᠵᠢᠯᠯᠠᠭᠠᠨ ᠢ ᠲᠣᠬᠢᠷᠠᠭᠤᠯᠬᠤ ᠵᠢᠴᠢ ᠪᠦᠷᠢᠳᠬᠡᠨ ᠰᠢᠨᠵᠢᠯᠡᠬᠦ ᠠᠵᠢᠯ ᠢ ᠬᠠᠷᠢᠭᠤᠴᠠᠨ᠎ᠠ  ᠃    4. ᠨᠡᠬᠡᠭᠡᠯᠲᠡ ᠶᠢᠨ ᠲᠤᠭᠤᠷᠢᠭ ᠲᠤ ᠣᠷᠣᠭᠤᠯᠬᠤ ᠲᠥᠷᠥᠯ ᠵᠦᠢᠯ ᠳᠤ ᠮᠡᠳᠡᠭᠡ ᠵᠠᠩᠭᠢ᠂ ᠣᠷᠣᠯᠠᠨ ᠭ᠊ ᠭᠦᠢᠴᠡᠳᠭᠡᠬᠦ ᠪᠠ ᠬᠠᠮᠢᠶ᠎ᠠ ᠪᠥᠬᠦᠶ ᠵᠤᠬᠢᠴᠠᠭᠤᠯᠬᠤ ᠠᠵᠢᠯ ᠢ ᠬᠠᠷᠢᠭᠤᠴᠠᠨ᠎ᠠ᠃    5. ᠨᠡᠭᠡᠭᠡᠯᠲᠡ ᠶᠢᠨ ᠲᠣᠭᠤᠷᠢᠭ ᠤᠨ ᠨᠠᠮ ᠤᠨ ᠵᠦᠪᠯᠡᠯ ᠪᠣᠯᠤᠨ ᠬᠠᠮᠢᠶᠠᠷᠤᠯᠲᠠ ᠶᠢᠨ ᠵᠥᠪᠯᠡᠯ ᠠᠴᠠ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ  ᠃     ︵ᠭᠤᠷᠪᠠ︶ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ   1. ᠨᠡᠭᠡᠭᠡᠯᠲᠡ ᠶᠢᠨ ᠲᠤᠭᠤᠷᠢᠭ ᠤᠨ ᠶᠡᠷᠦᠩᠬᠡᠶ ᠳᠥᠰᠥᠪ᠂ ᠬᠦᠷᠢᠶᠡᠯᠡᠩ ᠤᠨ ᠬᠤᠪᠢᠶᠠᠷᠢᠯᠠᠯᠲᠠ ᠨᠠᠷᠢᠯᠢᠭ ᠳᠥᠰᠥᠪ᠂ ᠠᠵᠤ ᠦᠢᠯᠡᠰ ᠤᠨ ᠳᠥᠰᠥᠪ᠂ ᠰᠠᠭᠤᠷᠢ ᠳᠥᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠥᠰᠥᠪ ᠢ ᠵᠣᠬᠢᠶᠠᠨ  ᠪᠠᠶᠢᠭᠤᠯᠵᠤ ᠵᠤᠬᠢᠥᠴᠠᠭᠤᠯᠤᠨ ᠲᠤᠤᠱᠯᠠᠭᠤᠯᠬᠤ ᠠᠵᠢᠯ ᠢ ᠬᠠᠷᠢᠭᠤᠴᠠᠨ᠎ᠠ᠃    2. ᠨᠡᠭᠡᠭᠡᠯᠲᠡ ᠶᠢᠨ ᠲᠣᠭᠤᠷᠢᠭ ᠤᠨ ᠭᠠᠵᠠᠷ ᠰᠢᠷᠣᠶ ᠬᠡᠷᠡᠭᠯᠡᠬᠦ᠂ ᠨᠡᠭᠡᠭᠡᠨ ᠠᠰᠢᠭᠯᠠᠬᠤ᠂ ᠬᠠᠮᠢᠶᠠᠷᠤᠯᠲᠠ ᠶᠢᠨ ᠵᠤᠬᠢᠴᠠᠭᠤᠯᠬᠤ ᠠᠵᠢᠯ ᠢ ᠬᠠᠷᠢᠭᠤᠴᠠᠨ᠎ᠠ᠃    3. ᠨᠡᠬᠡᠭᠡᠯᠲᠡ ᠶᠢᠨ ᠲᠣᠭᠤᠷᠢᠭ ᠲᠤ ᠣᠷᠣᠭᠤᠯᠬᠤ ᠲᠥᠷᠥᠯ ᠵᠦᠢᠯ ᠤᠨ ᠲᠦᠰᠦᠯ ᠲᠣᠭᠲᠠᠭᠠᠬᠤ᠂ ᠬᠢᠨᠠᠨ ᠰᠢᠯᠭᠠᠵᠤ᠂ ᠮᠡᠳᠡᠭᠦᠯᠦᠨ ᠵᠥᠪᠰᠢᠶᠡᠷᠡᠭᠦᠯᠬᠦ ᠪᠠ ᠵᠣᠬᠢᠴᠠᠭᠤᠯᠬᠤ ᠠᠵᠢᠯ ᠢ ᠬᠠᠷᠢᠭᠤᠴᠠᠨ᠎ᠠ᠃    4. ᠨᠡᠭᠡᠭᠡᠯᠲᠡ ᠶᠢᠨ ᠲᠣᠭᠤᠷᠢᠭ ᠤᠨ ᠠᠮᠤᠷ ᠲᠥᠪᠰᠢᠨ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠳᠤ ᠬᠢᠨᠠᠯᠲᠠ ᠲᠠᠯᠪᠢᠬᠤ ᠵᠢᠴᠢ ᠬᠠᠮᠢᠶ᠎ᠠ ᠪᠥᠬᠦᠶ ᠵᠣᠬᠢᠴᠠᠭᠤᠯᠬᠤ ᠠᠵᠢᠯ ᠢ ᠬᠠᠷᠢᠭᠤᠴᠠᠨ᠎ᠠ᠃    5. ᠨᠡᠭᠡᠭᠡᠯᠲᠡ ᠶᠢᠨ ᠲᠤᠭᠤᠷᠢᠭ ᠤᠨ ᠣᠯᠠᠨ ᠨᠡᠶᠢᠲᠡ ᠶᠢᠨ ᠳᠥᠬᠦᠭᠡᠷᠥᠮᠵᠢ ᠶᠢᠨ ᠪᠥᠲᠥᠭᠡᠨ ᠪᠠᠶᠢᠭᠤᠯᠤᠯᠲᠠ᠂ ᠬᠠᠮᠠᠭᠠᠯᠠᠯᠲᠠ᠂ ᠬᠠᠮᠢᠶᠠᠷᠤᠯᠲᠠ ᠪᠠ  ᠦᠢᠯᠡᠴᠢᠯᠡᠬᠡᠨ ᠤ ᠠᠵᠢᠯ ᠢ ᠬᠠᠷᠢᠭᠤᠴᠠᠨ᠎ᠠ  ᠃    6. ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠦᠪᠯᠡᠯ ᠪᠣᠯᠤᠨ ᠬᠠᠮᠢᠶᠠᠷᠤᠯᠲᠠ ᠶᠢᠨ ᠵᠥᠪᠯᠡᠯ ᠠᠴᠠ ᠲᠣᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠬᠠᠷᠢᠭᠤᠴᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号