ᠬᠠᠷᠠᠴᠢᠨ ᠬᠤᠰᠢᠭᠤᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠪᠠᠶᠢᠭᠤᠯᠤᠮᠵᠢ ᠶᠢᠨ ᠡᠭᠦᠷᠭᠡ ᠴᠢᠳᠠᠪᠬᠢ
ᠨᠡᠶᠢᠲᠡᠯᠡᠭᠰᠡᠨ ᠴᠠᠭ᠄
2020/7/7
ᠪᠠᠶᠢᠭᠤᠯᠤᠮᠵᠢ ᠶᠢᠨ ᠨᠡᠷᠡᠶᠢᠳᠦᠯ᠄ ᠬᠠᠷᠠᠴᠢᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠠᠶᠢᠭᠤᠯᠤᠮᠵᠢ ᠶᠢᠨ ᠰᠢᠨᠵᠢ ᠴᠢᠨᠠᠷ᠄ ᠠᠵᠢᠯ ᠦᠢᠯᠡᠰ ᠠᠵᠢᠯᠯᠠᠬᠤ ᠬᠠᠶ᠋ᠢᠭ᠄ ᠬᠠᠷᠠᠴᠢᠨ ᠬᠤᠰᠢᠭᠤᠨ ᠤ ᠵᠢᠨᠱᠠᠨ ᠪᠠᠯᠭᠠᠰᠤᠨ ᠤ ᠵᠢᠨᠱᠠᠨ ᠶᠡᠭᠡ ᠵᠡᠭᠡᠯᠢ ᠶᠢᠨ 113 ᠳ᠋ᠦ᠋ᠭᠡᠷ ᠨᠣᠮᠧᠷ ᠬᠠᠷᠢᠯᠴᠠᠬᠤ ᠤᠲᠠᠰᠤ᠄ 3752760 ᠡᠭᠦᠷᠭᠡ ᠬᠠᠷᠢᠭᠤᠴᠠᠯᠭ᠎ᠠ᠄︵ᠨᠢᠭᠡ︶ ᠣᠶ ᠰᠢᠭᠤᠶ ᠪᠠ ᠨᠤᠲᠤᠭ ᠪᠡᠯᠴᠢᠭᠡᠷ ᠵᠢᠴᠢ ᠠᠮᠢ ᠠᠬᠤᠶ ᠶᠢ ᠬᠠᠮᠠᠭᠠᠯᠠᠯᠳᠠ ᠶᠢ ᠪᠠᠶᠢᠭᠤᠯᠬᠤ ᠪᠠ ᠰᠡᠷᠭᠦᠭᠡᠡ ᠵᠠᠰᠠᠬᠤ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠣᠶ ᠰᠢᠭᠤᠶ ᠪᠠ ᠨᠤᠲᠤᠭ ᠪᠡᠯᠴᠢᠭᠡᠷ ᠵᠢᠴᠢ ᠠᠮᠢ ᠠᠬᠤᠶ ᠶᠢ ᠬᠠᠮᠠᠭᠠᠯᠠᠨ ᠰᠡᠷᠭᠦᠭᠡᠬᠦ ᠲᠥᠷᠥ ᠶᠢᠨ ᠪᠣᠳᠣᠯᠭ᠎ᠠ᠂ ᠳᠥᠰᠥᠪ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠤᠯᠪᠣᠭᠳᠠᠯ ᠪᠦᠬᠦᠢ ᠳᠦᠷᠢᠮᠵᠢᠭᠰᠡᠨ ᠪᠢᠴᠢᠭ ᠮᠠᠲ᠋ᠧᠷᠢᠶᠠᠯ ᠢ ᠲᠤᠭᠤᠷᠪᠢᠨ᠎ᠠ᠃ ᠣᠢ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦᠨ ᠴᠦᠯ ᠪᠠ ᠡᠬᠡ ᠭᠠᠵᠠᠷ ᠤᠨ ᠬᠡᠭᠡᠷ᠎ᠡ ᠶᠢᠨ ᠠᠮᠢᠲᠠᠨ ᠤᠷᠭᠤᠮᠠᠯ ᠤᠨ ᠪᠠᠶᠠᠯᠢᠭ ᠤᠨ ᠬᠦᠳᠡᠯᠦᠩᠭᠦᠢ ᠪᠠᠶᠢᠳᠠᠯ ᠤᠨ ᠬᠢᠨᠠᠨ ᠬᠡᠮᠵᠢᠯᠲᠡ ᠪᠠ ᠦᠨᠡᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︵ᠬᠤᠶᠠᠷ︶ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠪᠥᠲᠥᠭᠡᠨ ᠪᠠᠶᠢᠭᠤᠯᠵᠦ ᠰᠡᠷᠭᠦᠭᠡᠭᠡᠨ ᠵᠠᠰᠠᠬᠤ ᠪᠠ ᠤᠢ ᠡᠪᠡᠰᠦ ᠳᠠᠷᠢᠵᠤ ᠨᠣᠭᠤᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠣᠢ ᠰᠢᠭᠤᠶ ᠪᠠ ᠨᠤᠲᠤᠭ ᠪᠡᠯᠴᠢᠭᠡᠷ ᠤᠨ ᠭᠤᠣᠯᠳᠠᠯᠭ᠎ᠠ ᠲᠠᠢ ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠵᠠᠰᠠᠨ ᠰᠡᠷᠭᠦᠭᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠲᠥᠷᠥᠯ ᠤᠨ ᠨᠡᠶᠢᠲᠡ ᠶᠢᠨ ᠣᠶ᠂ ᠲᠠᠸᠠᠷ ᠤᠨ ᠣᠶ ᠶᠢ ᠲᠠᠷᠢᠵᠤ ᠡᠵᠡᠩᠨᠡᠬᠦ ᠶᠢ ᠵᠢᠯᠣᠭᠤᠳᠴᠤ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠡᠪᠡᠰᠦ ᠲᠠᠷᠢᠬᠤ᠂ ᠬᠤᠲᠠ ᠬᠥᠳᠡᠭᠡ ᠶᠢ ᠨᠣᠭᠤᠭᠠᠷᠠᠭᠤᠯᠬᠤ ᠪᠠ ᠤᠶᠢᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠣᠢ ᠰᠢᠭᠤᠶ ᠪᠣᠯᠤᠨ ᠨᠤᠲᠤᠭ ᠪᠡᠯᠴᠢᠭᠡᠷ ᠲᠤ ᠬᠤᠤᠷᠳᠤ ᠠᠮᠢᠲᠠᠨ ᠢ ᠰᠡᠷᠭᠡᠶᠢᠯᠡᠬᠦ᠂ ᠬᠢᠵᠢᠭ ᠪᠠᠶᠢᠴᠠᠭᠠᠬᠤ ᠠᠵᠢᠯ ᠢ ᠵᠢᠯᠣᠭᠤᠳᠤᠨ᠎ᠠ᠃ ᠣᠢ ᠰᠢᠭᠤᠶ ᠪᠠ ᠨᠤᠲᠤᠭ ᠪᠡᠯᠴᠢᠭᠡᠷ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃︵ᠭᠤᠷᠪᠠ︶ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠰᠢᠭᠤᠨ ᠤ ᠮᠣᠳᠣ ᠣᠭᠲᠣᠯᠬᠤ ᠬᠢᠵᠠᠭᠠᠷ ᠨᠤᠷᠮ᠎ᠠ ᠶᠢ  ᠵᠤᠬᠢᠶᠠᠨ ᠪᠠᠶᠢᠭᠤᠯᠵᠤ ᠨᠠᠶᠢᠷᠠᠭᠤᠯᠬᠤ ᠪᠠ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠶ ᠤᠷᠤᠨ ᠤ ᠬᠠᠮᠢᠶᠠᠷᠤᠯᠲᠠ ᠶᠢ ᠬᠠᠷᠢᠭᠤᠴᠠᠵᠤ᠂ ᠣᠶ ᠤᠷᠤᠨ ᠢ ᠬᠠᠮᠠᠭᠠᠯᠠᠨ ᠠᠰᠢᠭᠯᠠᠬᠤ  ᠲᠦᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠲᠡ ᠶᠢᠨ ᠣᠶ ᠶᠢ ᠬᠤᠪᠢᠶᠠᠷᠢᠯᠠᠨ ᠲᠣᠭᠲᠠᠭᠠᠬᠤ ᠪᠠ ᠬᠠᠮᠢᠶᠠᠷᠬᠤ ᠠᠵᠢᠯ ᠢ ᠵᠢᠯᠣᠭᠤᠳᠬᠤ ᠬᠡᠷᠡᠭᠲᠡᠶ᠃ ᠣᠢ ᠰᠢᠭᠤᠶ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ  ᠪᠠᠶᠢᠯᠭᠠᠬᠤ ᠪᠠ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠬᠠᠷᠢᠭᠤᠴᠠᠵᠤ᠂ ᠨᠤᠲᠤᠭ ᠪᠡᠯᠴᠢᠭᠡᠷ ᠢ ᠨᠡᠭᠡᠭᠡᠨ ᠠᠰᠢᠭᠯᠠᠬᠤ ᠶᠢ ᠬᠢᠨᠠᠯᠳᠠ ᠲᠠᠯᠪᠢᠵᠤ ᠬᠠᠮᠢᠶᠠᠷᠤᠨ᠎ᠠ᠃ ᠨᠤᠭᠤ ᠭᠠᠵᠠᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠬᠠᠷᠢᠭᠤᠴᠠᠵᠤ᠂ ᠨᠤᠭᠤ ᠭᠠᠵᠠᠷ ᠢ ᠬᠠᠮᠠᠭᠠᠯᠠᠬᠤ ᠳᠥᠰᠥᠪ  ᠪᠣᠯᠤᠨ ᠬᠠᠮᠢᠶ᠎ᠠ ᠪᠦᠬᠦᠢ ᠣᠷᠣᠨ ᠨᠤᠲᠤᠭ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠨᠤᠭᠤ ᠭᠠᠵᠠᠷ ᠢ ᠨᠡᠭᠡᠭᠡᠨ ᠠᠰᠢᠭᠯᠠᠬᠤ ᠶᠢ ᠬᠢᠨᠠᠨ ᠬᠠᠮᠢᠶᠠᠷᠤᠨ᠎ᠠ᠃ ︵ᠳᠥᠷᠪᠡ︶ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠡᠯᠡᠰᠦᠷᠬᠡᠭ ᠭᠠᠵᠠᠷ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ᠂ ᠡᠯᠡᠰᠦᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠬᠠᠮᠠᠭᠠᠯᠠᠬᠤ ᠣᠷᠣᠨ ᠢ ᠪᠦᠲᠦᠭᠡᠨ ᠪᠠᠶᠢᠭᠤᠯᠬᠤ ᠳᠥᠰᠥᠪ ᠪᠣᠯᠤᠨ ᠬᠠᠮᠢᠶ᠎ᠠ ᠪᠦᠬᠦᠢ ᠭᠠᠵᠠᠷ ᠤᠷᠤᠨ ᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠴᠦᠯᠯᠡᠷᠭᠡᠭᠵᠢᠭᠰᠡᠨ ᠪᠠ ᠡᠯᠡᠰᠦᠵᠢᠭᠰᠡᠨ ᠭᠠᠵᠠᠷ ᠰᠢᠷᠣᠶ ᠶᠢᠨ ᠨᠡᠭᠡᠭᠡᠨ ᠠᠰᠢᠭᠯᠠᠯᠲᠠ ᠶᠢ ᠬᠢᠨᠠᠨ ᠬᠠᠮᠢᠶᠠᠷᠤᠨ᠎ᠠ᠂ ᠡᠯᠡᠰᠦᠨ ᠰᠢᠭᠤᠷᠭ᠎ᠠ ᠶᠢᠨ ᠭᠠᠮᠰᠢᠭ ᠢ ᠤᠷᠢᠳᠴᠢᠯᠠᠨ ᠵᠢᠱᠢᠨ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃︵ᠲᠠᠪᠤ︶ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ᠃  ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠵᠤ᠂ ᠦᠷᠡᠵᠢᠭᠦᠯᠦᠨ ᠪᠤᠶᠢᠵᠢᠭᠤᠯᠬᠤ᠂ ᠣᠷᠣᠰᠢᠨ ᠠᠮᠢᠳᠤᠷᠠᠬᠤ ᠭᠠᠵᠠᠷ ᠢ ᠰᠡᠷᠭᠦᠭᠡᠨ ᠬᠥᠭᠵᠢᠭᠦᠯᠬᠦ᠂ ᠬᠢᠵᠢᠭ ᠡᠪᠡᠳᠴᠢᠨ ᠢ ᠬᠢᠨᠠᠨ ᠰᠢᠯᠭᠠᠬᠤ ᠶᠢ ᠵᠢᠯᠣᠭᠤᠳᠴᠤ᠂ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠬᠤ ᠪᠤᠶᠤ ᠲᠡᠭᠦᠬᠦ᠂ ᠲᠠᠰᠬᠠᠨ ᠲᠡᠵᠢᠭᠡᠵᠦ ᠦᠷᠡᠵᠢᠭᠦᠯᠬᠦ ᠪᠤᠶᠤ ᠪᠤᠶᠢᠵᠢᠭᠤᠯᠬᠤ ᠵᠢᠴᠢ ᠡᠵᠡᠩᠨᠡᠨ ᠠᠰᠢᠭᠯᠠᠬᠤ ᠶᠢ ᠬᠢᠨᠠᠨ ᠬᠠᠮᠢᠶᠠᠷᠤᠨ᠎ᠠ᠃ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠵᠦ ᠬᠡᠭᠡᠷ᠎ᠡ ᠶᠢᠨ ᠠᠮᠢᠲᠠᠨ ᠤᠷᠭᠤᠮᠠᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠢᠨᠠᠨ ᠬᠠᠮᠢᠶᠠᠷᠤᠨ᠎ᠠ᠃︵ᠵᠢᠷᠭᠤᠭ᠎ᠠ︶ ᠪᠦᠬᠦ ᠬᠤᠰᠢᠭᠤᠨ ᠤ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠳᠥᠰᠥᠪ ᠪᠠ ᠬᠠᠮᠢᠶ᠎ᠠ ᠪᠦᠬᠦᠢ ᠣᠷᠣᠨ ᠨᠤᠲᠤᠭ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠨ᠎ᠠ᠃ ᠤᠯᠤᠰ ᠠᠴᠠ ᠲᠡᠰ ᠤᠨ᠂ ᠥᠪᠡᠷᠲᠡᠭᠡᠨ ᠵᠠᠰᠠᠬᠤ ᠣᠷᠣᠨ ᠤ ᠲᠡᠰ ᠤᠨ᠂ ᠬᠤᠲᠠ ᠶᠢᠨ ᠲᠡᠰ ᠤᠨ ᠪᠠ ᠬᠤᠰᠢᠭᠤ ᠱᠠᠲᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠪᠠ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠬᠡᠷᠡᠭᠯᠡᠭᠡ ᠶᠢ ᠵᠠᠬᠢᠷᠤᠨ ᠬᠠᠮᠢᠶᠠᠷᠬᠤ ᠶᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠳᠡᠰ ‍ᠦᠨ‌ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠰᠢᠨ᠎ᠡ ᠪᠠᠷ ᠪᠠᠶᠢᠭᠤᠯᠬᠤ᠂ ᠳᠤᠬᠢᠷᠠᠭᠤᠯᠬᠤ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠲᠣᠭᠲᠠᠭᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠦᠨ᠎ᠡ᠃ ᠪᠠᠶᠢᠭᠠᠯᠢ ᠶᠢᠨ ᠥᠪ ᠬᠥᠷᠥᠩᠭᠡ ᠶᠢ ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠪᠠᠶᠢᠭᠠᠯᠢ ᠪᠠ ᠰᠣᠶᠣᠯ ᠤᠨ ᠬᠤᠣᠰ ᠥᠪ ᠢ ᠭᠤᠶᠤᠴᠢᠯᠠᠨ ᠮᠡᠳᠡᠭᠦᠯᠬᠦ ᠶᠢ ᠬᠢᠨᠠᠨ ᠰᠢᠯᠭᠠᠬᠤ ᠬᠡᠷᠡᠭᠲᠡᠶ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃︵ᠳᠣᠯᠤᠭ᠎ᠠ︶ ᠪᠦᠬᠦ ᠬᠤᠰᠢᠭᠤᠨ ᠤ ᠤᠯᠤᠰ ᠤᠨ ᠥᠮᠴᠢᠯᠡᠯᠳᠦ ᠣᠢ ᠰᠢᠭᠤᠢ ᠶᠢᠨ ᠲᠠᠯᠠᠪᠠᠢ᠂ ᠴᠢᠬᠢ ᠮᠣᠳᠣᠨ ᠤ ᠬᠦᠷᠢᠶᠡᠯᠩ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠵᠢᠯᠣᠭᠤᠳᠤᠨ᠎ᠠ᠂ ᠣᠢ ᠰᠢᠭᠤᠶ ᠡᠪᠡᠰᠦ ᠪᠡᠯᠴᠢᠭᠡᠷ ᠤᠨ ᠦᠷ᠎ᠡ ᠶᠢᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠳᠠ ᠶᠢ ᠵᠣᠬᠢᠶᠠᠨ ᠪᠠᠶᠢᠭᠤᠯᠵᠤ᠂ ᠪᠦᠬᠦ ᠬᠤᠰᠢᠭᠤᠨ ᠤ ᠦᠷ᠎ᠡ ᠶᠢᠨ ᠡᠬᠢ ᠪᠠᠶᠠᠯᠢᠭ ᠤᠨ ᠬᠥᠮᠥᠷᠭᠡ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠰᠠᠶᠢᠨ ᠡᠭᠦᠯᠳᠡᠷ ᠢ ᠰᠣᠩᠭᠤᠨ  ᠪᠤᠶᠢᠵᠢᠭᠤᠯᠵᠤ ᠳᠡᠯᠭᠡᠷᠡᠭᠦᠯᠬᠦ ᠶᠢ ᠬᠠᠷᠢᠭᠤᠴᠠᠨ᠎ᠠ᠃ ᠮᠣᠳᠣᠨ ᠤ ᠦᠷ᠎ᠡ ᠪᠠ ᠴᠢᠬᠢ ᠮᠣᠳᠣ᠂ ᠡᠪᠡᠰᠦᠨ ᠦᠷ᠎ᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠬᠠᠮᠢᠶᠠᠷᠴᠤ᠂ ᠮᠣᠳᠣᠨ ᠤ ᠦᠷ᠎ᠡ ᠴᠢᠬᠢ᠂ ᠡᠪᠡᠰᠦᠨ ᠦᠷ᠎ᠡ ᠶᠢᠨ ᠶᠠᠰᠤ ᠴᠢᠨᠠᠷ ᠢ ᠬᠢᠨᠠᠨ ᠬᠠᠮᠢᠶᠠᠷᠤᠨ᠎ᠠ᠃ ᠣᠢ ᠰᠢᠭᠤᠶ ᠪᠠ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠦᠷ᠎ᠡ ᠶᠢᠨ ᠡᠬᠢ ᠪᠠᠶᠠᠯᠢᠭ᠂ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠮᠤᠷ ᠲᠦᠪᠰᠢᠨ᠂ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ ᠳᠤ ᠬᠢᠨᠠᠯᠲᠠ ᠲᠠᠯᠪᠢᠵᠤ ᠬᠠᠮᠢᠶᠠᠷᠤᠨ᠎ᠠ᠃︵ᠨᠠᠢᠮᠠ︶ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠤᠬᠢᠷᠠᠭᠤᠯᠬᠤ  ᠵᠢᠴᠢ ᠮᠣᠳᠣᠨ ᠮᠠᠲ᠋ᠧᠷᠢᠶᠠᠯ ᠢ ᠠᠰᠢᠭᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠂ ᠣᠢ ᠰᠢᠭᠤᠶ ᠡᠪᠡᠰᠦᠨ ᠤ ᠬᠠᠮᠢᠶ᠎ᠠ ᠪᠦᠬᠦᠢ ᠠᠵᠤ ᠦᠢᠯᠡᠰ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠣᠢ ᠰᠢᠭᠤᠶ ᠡᠪᠡᠰᠦᠨ ᠤ ᠦᠢᠯᠡᠳᠭᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠦᠬᠦ ᠬᠤᠰᠢᠭᠤᠨ ᠤ ᠠᠮᠢ ᠠᠬᠤᠢ ᠪᠠᠷ ᠶᠠᠳᠠᠭᠤ ᠶᠢ ᠲᠡᠳᠬᠦᠬᠦ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃︵ᠶᠢᠰᠦ︶ ᠬᠤᠰᠢᠭᠤᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠳᠥᠰᠥᠪ  ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠢᠳᠠᠪᠤᠷᠢᠵᠢᠭᠤᠯᠬᠤ᠂ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠵᠠᠰᠠᠬᠤ ᠳᠥᠰᠥᠪ ᠪᠣᠯᠤᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠨᠠᠶᠢᠷᠠᠭᠤᠯᠤᠨ ᠲᠤᠭᠲᠠᠭᠠᠬᠤ ᠶᠢ ᠵᠤᠬᠢᠶᠠᠨ ᠪᠠᠶᠢᠭᠤᠯᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠭᠠᠯ ᠢ ᠰᠡᠷᠭᠡᠶᠢᠯᠡᠨ ᠲᠣᠭᠤᠷᠢᠨ   ᠬᠠᠷᠠᠬᠤ᠂ ᠭᠠᠯ ᠤᠨ ᠰᠤᠷᠪᠤᠯᠵᠢ ᠶᠢ ᠬᠠᠮᠢᠶᠠᠷᠬᠤ᠂ ᠭᠠᠯ ᠰᠡᠷᠭᠡᠶᠢᠯᠡᠬᠦ ᠳᠥᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠬᠢᠨᠠᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ ᠥᠷᠨᠢᠭᠦᠯᠦᠨ᠎ᠡ᠃ ︵ᠠᠷᠪᠠ︶ ᠪᠦᠬᠦ ᠬᠤᠰᠢᠭᠤᠨ ᠤ ᠣᠢ ᠰᠢᠭᠤᠢ᠂ ᠨᠤᠲᠤᠭ ᠪᠡᠯᠴᠢᠭᠡᠷ ᠤᠨ  ᠵᠠᠰᠠᠭ ᠵᠠᠬᠢᠷᠭᠠᠨ ᠤ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃︵ᠠᠷᠪᠠᠨ ᠨᠢᠭᠡ︶ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ ᠠᠬᠢᠭᠤᠯᠤᠨ᠎ᠠ᠃ ᠬᠠᠮᠲᠤ ᠶᠢᠨ ᠣᠢ ᠰᠢᠭᠤᠶ ᠶᠢᠨ ᠡᠷᠬᠡ ᠶᠢᠨ ᠳᠦᠷᠢᠮ᠂ ᠤᠯᠤᠰ ᠤᠨ ᠥᠮᠴᠢᠯᠡᠯᠳᠦ ᠣᠢ ᠰᠢᠭᠤᠶ ᠶᠢᠨ ᠲᠠᠯᠠᠪᠠᠢ᠂ ᠨᠤᠲᠤᠭ ᠪᠡᠯᠴᠢᠭᠡᠷ ᠵᠡᠷᠭᠡ ᠶᠢᠨ ᠥᠭᠡᠷᠡᠴᠢᠯᠡᠯᠲᠡ ᠶᠢᠨ ᠰᠠᠨᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠬᠥᠳᠡᠭᠡ ᠲᠣᠰᠬᠤᠨ ᠤ ᠤᠢ ᠰᠢᠭᠤᠶ ᠪᠠ ᠨᠤᠲᠤᠭ ᠪᠡᠯᠴᠢᠭᠡᠷ ᠤᠨ ᠬᠥᠭᠵᠢᠯᠲᠡ ᠵᠢᠴᠢ ᠤᠢ ᠰᠢᠭᠤᠶ᠂ ᠨᠤᠲᠤᠭ ᠪᠡᠯᠴᠢᠭᠡᠷ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ︔ ᠬᠥᠳᠡᠭᠡ ᠲᠣᠰᠬᠤᠨ ᠤ ᠣᠶᠢᠲᠤ ᠭᠠᠵᠠᠷ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠠᠵᠢᠯ ᠢ ᠵᠢᠯᠣᠭᠤᠳᠤᠨ᠎ᠠ︔ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠪᠠ ᠪᠠᠶᠢᠭᠠᠯᠢ ᠶᠢᠨ ᠤᠢ ᠰᠢᠭᠤᠶ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃︵ᠠᠷᠪᠠᠨ ᠬᠤᠶᠠᠷ︶ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ ᠰᠠᠯᠠᠭ᠎ᠠ ᠮᠥᠴᠢᠷ ᠤᠨ ᠲᠥᠰᠦᠪ ᠢ ᠳᠤᠷᠠᠳᠤᠨ ᠭᠠᠷᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠪᠦᠬᠦ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠪᠡᠯᠡ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠳᠤ ᠬᠢᠨᠠᠯᠲᠠ ᠲᠠᠯᠪᠢᠨ᠎ᠠ︔ ᠪᠦᠬᠦ ᠬᠤᠰᠢᠭᠤᠨ ᠤ ᠣᠢ ᠰᠢᠭᠤᠢ ᠪᠠ ᠲᠠᠯ᠎ᠠ ᠨᠤᠲᠤᠭ ᠤᠨ ᠤᠯᠤᠰ ᠤᠨ ᠥᠮᠴᠢᠯᠡᠯᠳᠦ ᠬᠥᠷᠥᠩᠭᠡ ᠶᠢ ᠬᠢᠨᠠᠨ ᠬᠠᠮᠢᠶᠠᠷᠴᠤ᠂ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠯ ᠶᠤᠰᠤᠭᠠᠷ ᠵᠣᠬᠢᠶᠠᠨ ᠪᠠᠶᠢᠭᠤᠯᠤᠨ ᠮᠡᠳᠡᠭᠦᠯᠦᠨ᠎ᠡ︔ ᠪᠦᠬᠦ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠠᠵᠤ ᠠᠬᠤᠢ ᠶᠢᠨ ᠲᠣᠬᠢᠷᠠᠭᠤᠯᠤᠯᠲᠠ ᠪᠠ ᠪᠡᠯᠡ ᠤᠷᠤᠭᠤᠯᠤᠯᠲᠠ ᠶᠢᠨ ᠲᠥᠷᠦ ᠶᠢᠨ ᠪᠣᠳᠣᠯᠭ᠎ᠠ ᠶᠢ ᠲᠤᠭᠤᠷᠪᠢᠬᠤ ᠳᠤ ᠣᠷᠣᠯᠴᠠᠵᠤ᠂ ᠣᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠥᠷᠢ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃︵ᠠᠷᠪᠠᠨ ᠭᠤᠷᠪᠠ︶ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠰᠢᠨᠵᠢᠯᠡᠬᠦ ᠮᠡᠷᠭᠡᠵᠢᠯ᠂ ᠤᠬᠠᠭᠤᠯᠭ᠎ᠠ ᠬᠥᠮᠦᠵᠢᠯ᠂ ᠭᠠᠳᠠᠭᠠᠳᠤ ᠰᠣᠯᠢᠯᠴᠠᠭ᠎ᠠ ᠪᠠ ᠬᠠᠮᠲᠤᠷᠠᠯᠴᠠᠭᠠᠨ ᠤ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠪᠦᠬᠦ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠵᠢᠯᠤᠭᠤᠳᠤᠨ᠎ᠠ᠃ ᠨᠤᠭᠤ ᠭᠠᠵᠠᠷ᠂ ᠴᠦᠯᠯᠡᠷᠭᠡᠭᠵᠢᠯ᠂ ᠤᠰᠠᠳᠬᠤ ᠰᠢᠬᠠᠭᠰᠠᠨ ᠬᠡᠭᠡᠷ᠎ᠡ ᠶᠢᠨ ᠠᠮᠢᠲᠠᠨ ᠤᠷᠭᠤᠮᠠᠯ ᠤᠨ ᠲᠥᠷᠥᠯ ᠵᠡᠷᠭᠡ ᠣᠯᠠᠨ ᠤᠯᠤᠰ ᠤᠨ ᠨᠡᠶᠢᠲᠡ ᠶᠢᠨ ᠭᠡᠷ᠎ᠡ ᠶᠢ ᠭᠦᠢᠴᠡᠳᠭᠡᠬᠦ ᠠᠵᠢᠯ ᠢ ᠡᠭᠦᠷᠭᠡᠯᠡᠨ᠎ᠡ᠃︵ᠠᠷᠪᠠᠨ ᠳᠥᠷᠪᠡ︶ ᠬᠤᠰᠢᠭᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃︵ᠠᠷᠪᠠᠨ ᠲᠠᠪᠤ︶ ᠡᠭᠦᠷᠭᠡ  ᠴᠢᠳᠠᠪᠬᠢ ᠶᠢ ᠰᠢᠯᠵᠢᠭᠦᠯᠦᠨ᠎ᠡ᠃ ᠬᠤᠰᠢᠭᠤᠨ ᠤ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠨᠢ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠦᠨᠡᠨᠬᠦ ᠴᠢᠩᠭᠠᠳᠬᠠᠵᠤ᠂   ᠴᠢᠬᠤᠯᠠ ᠪᠤᠯᠬᠤ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠣᠢ ᠰᠢᠭᠤᠶ᠂ ᠲᠠᠯ᠎ᠠ ᠨᠤᠲᠤᠭ᠂ ᠨᠤᠭᠤ ᠭᠠᠵᠠᠷ ᠤᠨ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ  ᠵᠣᠬᠢᠴᠠᠭᠤᠯᠬᠤ ᠶᠢ ᠴᠢᠩᠭᠠᠳᠬᠠᠵᠤ᠂ ᠤᠯᠤᠰ ᠤᠨ ᠭᠠᠵᠠᠷ ᠰᠢᠷᠤᠢ ᠶᠢᠨ ᠨᠣᠭᠤᠭᠠᠷᠠᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠠᠮᠢ ᠠᠬᠤᠶ ᠶᠢᠨ ᠲᠡᠩᠴᠡᠭᠦᠷᠢ ᠶᠢ ᠬᠠᠮᠠᠭᠠᠯᠠᠨ᠎ᠠ᠃ ᠤᠯᠤᠰ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ  ᠢ ᠲᠦᠷᠭᠡᠳᠬᠡᠨ ᠪᠠᠶᠢᠭᠤᠯᠵᠤ᠂ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠴᠡᠭᠴᠡᠯᠡᠨ ᠵᠠᠰᠠᠬᠤ ᠪᠤᠯᠤᠨ ᠨᠢᠭᠡᠳᠬᠡᠬᠦ ᠶᠢ ᠠᠬᠢᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号