ᠬᠠᠷᠠᠴᠢᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠪᠠᠶᠢᠭᠤᠯᠤᠮᠵᠢ ᠶᠢᠨ ᠡᠭᠦᠷᠭᠡ ᠴᠢᠳᠠᠪᠬᠢ
ᠨᠡᠶᠢᠲᠡᠯᠡᠭᠰᠡᠨ ᠴᠠᠭ᠄
2020/7/7
ᠬᠠᠷᠠᠴᠢᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠪᠠᠶᠢᠭᠤᠯᠤᠮᠵᠢ ᠶᠢᠨ ᠡᠭᠦᠷᠭᠡ ᠴᠢᠳᠠᠪᠬᠢᠪᠠᠶᠢᠭᠤᠯᠤᠮᠵᠢ ᠶᠢᠨ ᠨᠡᠷᠡᠶᠢᠳᠦᠯ᠄ ᠬᠠᠷᠠᠴᠢᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠᠪᠠᠶᠢᠭᠤᠯᠤᠮᠵᠢ ᠶᠢᠨ ᠰᠢᠨᠵᠢ ᠴᠢᠨᠠᠷ᠄ ᠵᠠᠰᠠᠭ ᠵᠠᠬᠢᠷᠭᠠᠨᠠᠵᠢᠯᠯᠠᠬᠤ ᠭᠠᠵᠠᠷ᠄ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠵᠠᠰᠠᠭ ᠤᠨ ᠶᠡᠷᠦᠩᠬᠡᠶᠢᠯᠡᠭᠰᠡᠨ 3 ᠳ᠋ᠤᠭᠠᠷ ᠠᠰᠠᠷᠬᠠᠷᠢᠯᠴᠠᠬᠤ ᠤᠲᠠᠰᠤ᠄ 0476 — 3759148ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄︵ᠨᠢᠭᠡ︶ ᠬᠤᠰᠢᠭᠤ ᠪᠠᠨ ᠪᠥᠬᠦ ᠲᠠᠯ᠎ᠠ ᠪᠠᠷ ᠬᠠᠤᠯᠢ ᠪᠠᠷ ᠵᠠᠰᠠᠬᠤ ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠬᠠᠷᠢᠭᠤᠴᠠᠨ᠎ᠠ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠤᠨ ᠬᠤᠰᠢᠭᠤ ᠪᠠᠨ ᠪᠦᠬᠦ ᠲᠠᠯ᠎ᠠ ᠪᠠᠷ ᠬᠠᠤᠯᠢ ᠪᠠᠷ ᠵᠠᠰᠠᠬᠤ ᠤᠷᠲᠤ ᠬᠤᠭᠤᠴᠠᠭᠠᠨ ᠤ ᠳᠥᠰᠥᠪ ᠰᠠᠨᠠᠭᠤᠯᠭ᠎ᠠ ᠶᠢ ᠳᠤᠷᠠᠳᠴᠤ᠂ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠱᠠᠭᠠᠷᠳᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃︵ᠬᠤᠶᠠᠷ︶ ᠬᠤᠰᠢᠭᠤᠨ ᠤ ᠵᠠᠰᠠᠭ ᠤᠨ ᠣᠷᠳᠣᠨ ᠤ ᠳᠥᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠥᠰᠦᠯ  ᠢ ᠲᠤᠭᠤᠷᠪᠢᠬᠤ ᠪᠤᠶᠤ ᠵᠣᠬᠢᠶᠠᠨ ᠪᠠᠶᠢᠭᠤᠯᠵᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠤᠰᠢᠭᠤ ᠵᠠᠰᠠᠭ ᠤᠨ ᠣᠷᠳᠣᠨ ᠤ ᠨᠡᠷ᠎ᠡ ᠪᠠᠷ ᠲᠤᠭᠲᠠᠭᠠᠭᠰᠠᠨ ᠳᠥᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠨ ᠰᠢᠯᠭᠠᠬᠤ ᠠᠵᠢᠯ ᠢ ᠬᠠᠷᠢᠭᠤᠴᠠᠨ ᠭᠦᠢᠴᠡᠳᠭᠡᠨ᠎ᠡ᠃ ︵ᠭᠤᠷᠪᠠ︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠥᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠠᠶᠢᠯᠪᠤᠷᠢᠯᠠᠬᠤ ᠠᠵᠢᠯ ᠢ ᠬᠠᠷᠢᠭᠤᠴᠠᠨ ᠭᠦᠢᠴᠡᠳᠭᠡᠨ᠎ᠡ᠃ ᠡᠯ᠎ᠡ ᠰᠠᠯᠠᠭ᠎ᠠ ᠮᠥᠴᠢᠷ ᠤᠨ ᠬᠠᠤᠯᠢ ᠴᠠᠭᠠᠵᠠ᠂ ᠬᠠᠤᠯᠢ ᠲᠦᠷᠢᠮ᠂ ᠳᠦᠷᠢᠮ ᠲᠣᠭᠲᠠᠭᠠᠯ ᠢ ᠬᠡᠷᠡᠭᠵᠢᠭᠦᠯᠬᠦ ᠶᠠᠪᠤᠴᠠ ᠲᠤᠮᠳᠠᠬᠢ ᠬᠤᠯᠪᠣᠭᠳᠠᠯ ᠪᠦᠬᠦᠢ ᠮᠠᠷᠭᠤᠭᠠᠨ ᠪᠠ ᠠᠰᠠᠭᠤᠳᠠᠯ ᠢ ᠬᠠᠷᠢᠭᠤᠴᠠᠨ ᠵᠣᠬᠢᠴᠠᠭᠤᠯᠬᠤ ᠬᠡᠷᠡᠭᠲᠡᠶ᠃ ᠬᠤᠰᠢᠭᠤ ᠵᠠᠰᠠᠭ ᠤᠨ ᠣᠷᠳᠣᠨ ᠤ ᠳᠥᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠴᠡᠪᠡᠷᠯᠡᠬᠦ᠂ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ ᠠᠵᠢᠯ ᠢ ᠳᠠᠭᠠᠭᠠᠨ ᠭᠦᠶ᠋ᠴᠡᠳᠬᠡᠨ᠎ᠡ᠃ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠪᠠ ᠰᠢᠶᠠᠩ ᠪᠠᠯᠭᠠᠰᠤᠨ ᠤ ᠲᠦᠷᠢᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠠᠩᠰᠠᠯᠠᠬᠤ᠂ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃︵ᠳᠥᠷᠪᠡ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠠᠤᠯᠢ ᠶᠢ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠠᠬᠢᠭᠤᠯᠤᠨ᠎ᠠ᠃ ᠪᠦᠬᠦ ᠬᠤᠰᠢᠭᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠭᠰᠡᠨ ᠬᠡᠷᠡᠭ ᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃︵ᠲᠠᠪᠤ︶ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠳᠠ ᠶᠢ ᠨᠢᠭᠡᠳᠦᠯᠵᠢᠭᠦᠯᠦᠨ ᠲᠦᠯᠦᠪᠵᠢᠬᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠬᠤᠰᠢᠭᠤᠨ ᠤ ᠬᠠᠤᠯᠢ ᠴᠠᠭᠠᠵᠠ ᠶᠢᠨ ᠤᠬᠠᠭᠤᠯᠭ᠎ᠠ ᠬᠥᠮᠦᠵᠢᠯ ᠤᠨ ᠳᠥᠰᠥᠪ ᠢ ᠲᠣᠭᠲᠠᠭᠠᠵᠤ᠂ ᠬᠠᠤᠯᠢ ᠲᠥᠭᠡᠮᠵᠢᠯᠡᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠲᠦᠮᠡᠨ ᠤ ᠬᠠᠤᠯᠢ ᠪᠠᠷ ᠵᠠᠰᠠᠬᠤ ᠳᠤ ᠣᠷᠣᠯᠴᠠᠬᠤ ᠶᠢ ᠲᠦᠯᠬᠢᠨ ᠠᠬᠢᠭᠤᠯᠤᠨ᠎ᠠ᠃ ᠪᠦᠬᠦ ᠬᠤᠰᠢᠭᠤᠨ ᠤ ᠬᠠᠤᠯᠢ ᠪᠠᠷ ᠵᠠᠰᠠᠬᠤ ᠪᠠ ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠤᠭᠤᠳᠤᠨ᠎ᠠ᠃ ᠡᠶᠡᠳᠡᠭᠦᠯᠬᠦ ᠠᠵᠢᠯ ᠪᠠ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠂ ᠬᠠᠤᠯᠢ ᠴᠠᠭᠠᠵᠠ ᠶᠢᠨ ᠰᠠᠯᠪᠤᠷᠢ ᠶᠢᠨ ᠠᠵᠢᠯ ᠢ ᠬᠠᠮᠢᠶᠠᠷᠴᠤ᠂ ᠬᠠᠤᠯᠢ ᠴᠠᠭᠠᠵᠠ ᠶᠢᠨ ᠰᠠᠯᠪᠤᠷᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃︵ᠵᠢᠷᠭᠤᠭ᠎ᠠ︶ ᠪᠦᠬᠦ ᠬᠤᠰᠢᠭᠤᠨ ᠤ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠠᠵᠢᠯ ᠢ ᠵᠢᠯᠣᠭᠤᠳᠤᠨ ᠬᠠᠮᠢᠶᠠᠷᠬᠤ ᠶᠢ ᠬᠠᠷᠢᠭᠤᠴᠠᠨ᠎ᠠ᠃ ᠪᠦᠬᠦ ᠬᠤᠰᠢᠭᠤᠨ ᠤ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ ᠢ ᠬᠠᠪᠰᠤᠷᠤᠨ ᠬᠦᠮᠦᠵᠢᠭᠦᠯᠵᠦ᠂ ᠲᠥᠪᠬᠢᠨᠡᠭᠦᠯᠬᠦ ᠠᠵᠢᠯ ᠢ ᠵᠢᠯᠣᠭᠤᠳᠴᠤ᠂ ᠭᠢᠨᠳᠠᠨ ᠲᠠᠢ ᠬᠠᠷᠢᠯᠴᠠᠵᠤ ᠠᠵᠢᠯᠯᠠᠨ᠎ᠠ᠃︵ᠳᠣᠯᠤᠭ᠎ᠠ︶ ᠪᠦᠬᠦ ᠬᠤᠰᠢᠭᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠳᠥᠰᠥᠪ ᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠬᠤᠳᠠ ᠬᠥᠳᠡᠭᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠤᠨ᠎ᠠ᠃ ᠪᠦᠬᠦ ᠬᠤᠰᠢᠭᠤᠨ ᠤ ᠬᠠᠤᠯᠢ ᠶᠢᠨ ᠵᠥᠪᠯᠡᠭᠴᠢ᠂ ᠬᠠᠤᠯᠢᠴᠢ᠂ ᠬᠠᠤᠯᠢ ᠶᠢᠨ ᠲᠤᠰᠠᠯᠠᠮᠵᠢ᠂ ᠠᠯᠪᠠᠨ ᠭᠡᠷᠡᠴᠢᠯᠡᠭᠡ ᠪᠠ ᠦᠨᠳᠦᠰᠦᠨ ᠱᠠᠲᠤᠨ ᠤ ᠬᠠᠤᠯᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ᠂ ᠳᠠᠰᠤᠯᠤᠨ ᠲᠤᠭᠲᠠᠭᠠᠬᠤ ᠠᠵᠢᠯ ᠢ ᠬᠠᠷᠢᠯᠴᠠᠨ᠎ᠠ᠃ ᠪᠦᠬᠦ ᠬᠤᠰᠢᠭᠤᠨ ᠤ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ᠂ ᠬᠤᠰᠢᠭᠤᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠨ ᠤᠷᠢᠬᠤ᠂ ᠵᠣᠬᠢᠶᠠᠨ ᠪᠠᠶᠢᠭᠤᠯᠬᠤ᠂ ᠬᠠᠮᠢᠶᠠᠷᠬᠤ ᠠᠵᠢᠯ ᠢ ᠡᠭᠦᠷᠭᠡᠯᠡᠨ᠎ᠡ᠃︵ᠨᠠᠢᠮᠠ︶ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠤᠪᠴᠠᠰᠤ ᠬᠤᠨᠠᠷ ᠪᠠ ᠴᠠᠭᠳᠠᠭᠠᠨ ᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠵᠡᠪᠰᠡᠭ ᠲᠤᠨᠤᠭᠯᠠᠯ᠂ ᠲᠤᠨᠤᠭ ᠲᠥᠬᠦᠭᠡᠷᠦᠮᠵᠢ᠂ ᠲᠠᠯᠠᠪᠤᠷ ᠵᠡᠷᠭᠡ ᠪᠠᠲᠤᠯᠠᠭ᠎ᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃︵ᠶᠢᠰᠦ︶ ᠪᠥᠬᠦ ᠬᠤᠰᠢᠭᠤᠨ ᠤ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠲᠥᠯᠥᠪᠵᠢᠭᠦᠯᠦᠨ᠂ ᠵᠣᠬᠢᠴᠠᠭᠤᠯᠤᠨ ᠵᠢᠯᠣᠭᠤᠳᠴᠤ᠂ ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡᠨ ᠤ ᠪᠠᠶᠢᠭᠤᠯᠤᠯᠲᠠ ᠶᠢ ᠬᠢᠨᠠᠯᠲᠠ ᠲᠠᠯᠪᠢᠨ ᠵᠢᠯᠤᠭᠤᠳᠤᠨ᠎ᠠ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠬᠠᠮᠢᠶᠠᠷᠤᠯᠲᠠ ᠪᠠ ᠴᠠᠭᠳᠠᠭᠠᠨ ᠤ ᠶᠠᠪᠤᠳᠠᠯ ᠢ ᠱᠠᠭᠠᠷᠳᠠᠨ ᠪᠠᠶᠢᠴᠠᠭᠠᠬᠤ ᠠᠵᠢᠯ ᠢ ᠬᠠᠨᠷᠢᠭᠤᠴᠠᠨ᠎ᠠ᠃︵ᠠᠷᠪᠠ︶ ᠪᠦᠬᠦ ᠬᠤᠰᠢᠭᠤᠨ ᠤ ᠬᠠᠤᠯᠢ ᠴᠠᠭᠠᠵᠠ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠥᠯᠥᠪᠵᠢᠭᠦᠯᠦᠨ᠂ ᠵᠤᠬᠢᠴᠠᠭᠤᠯᠵᠤ᠂ ᠵᠢᠯᠣᠭᠤᠳᠤᠨ᠎ᠠ᠃︵ᠠᠷᠪᠠᠨ ᠨᠢᠭᠡ︶ ᠬᠤᠰᠢᠭᠤᠨ ᠤ ᠨᠠᠮ ᠤᠨ ᠬᠤᠷᠢᠶᠠᠨ ᠤ  ᠬᠤᠰᠢᠭᠤ ᠪᠠᠨ ᠪᠦᠬᠦ ᠲᠠᠯ᠎ᠠ ᠪᠠᠷ ᠬᠠᠤᠯᠢ ᠪᠠᠷ ᠵᠠᠰᠠᠬᠤ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃︵ᠠᠷᠪᠠᠨ ᠬᠤᠶᠠᠷ︶ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号