ᠬᠠᠷᠠᠴᠢᠨ ᠬᠤᠰᠢᠭᠤᠨ ᠤ ᠮᠥᠩᠭᠦᠨ ᠭᠦᠢᠯᠭᠡᠭᠡ ᠪᠠ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶᠠᠨ ᠤ ᠪᠠᠶᠢᠭᠤᠯᠤᠮᠵᠢ ᠶᠢᠨ ᠡᠭᠦᠷᠭᠡ ᠴᠢᠳᠠᠪᠬᠢ
ᠨᠡᠶᠢᠲᠡᠯᠡᠭᠰᠡᠨ ᠴᠠᠭ᠄
2020/7/7
   ᠪᠠᠶᠢᠭᠤᠯᠤᠮᠵᠢ ᠶᠢᠨ ᠨᠡᠷᠡᠶᠢᠳᠦᠯ᠄ ᠬᠠᠷᠠᠴᠢᠨ ᠬᠤᠰᠢᠭᠤᠨ ᠤ ᠮᠥᠩᠭᠦᠨ ᠭᠦᠶ᠋ᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ  ᠪᠠᠶᠢᠭᠤᠯᠤᠮᠵᠢ ᠶᠢᠨ ᠰᠢᠨᠵᠢ ᠴᠢᠨᠠᠷ᠄ ᠵᠠᠰᠠᠭ ᠵᠠᠬᠢᠷᠭᠠᠨ  ᠠᠵᠢᠯᠯᠠᠬᠤ ᠬᠠᠶ᠋ᠢᠭ᠄ ᠬᠠᠷᠠᠴᠢᠨ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠶᠢᠯᠡᠭᠰᠡᠨ ᠠᠰᠠᠷ ᠤᠨ ᠭᠤᠷᠪᠠᠳᠤᠭᠠᠷ ᠳᠠᠪᠬᠤᠷᠭ᠎ᠠ  ᠬᠠᠷᠢᠯᠴᠠᠬᠤ ᠤᠲᠠᠰᠤ᠄ 3750788  ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄  ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠮᠥᠩᠭᠦᠨ ᠭᠦᠢᠯᠭᠡᠭᠡ ᠪᠠ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠤᠬᠠᠶ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ  ᠲᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠪᠡ ᠪᠣᠯᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠤ ᠦᠢᠯᠡᠰ ᠤᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃︵ᠬᠤᠶᠠᠷ︶ ᠪᠦᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠶᠡᠷᠦᠩᠬᠡᠶᠢᠯᠡᠨ ᠲᠣᠬᠢᠷᠠᠭᠤᠯᠵᠤ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ ᠠᠷᠠᠯᠵᠢᠶᠠᠴᠢᠨ ᠤᠷᠢᠬᠤ ᠭᠤᠤᠯᠳᠠᠯᠭ᠎ᠠ ᠲᠠᠢ ᠲᠥᠷᠥᠯ ᠵᠦᠢᠯ ᠤᠨ ᠵᠥᠪᠳᠡᠯᠴᠡᠭᠡ ᠬᠢᠵᠦ ᠭᠡᠷ᠎ᠡ ᠲᠣᠭᠲᠠᠬᠤ ᠠᠵᠢᠯ ᠢ ᠦᠷᠨᠢᠭᠦᠯᠵᠦ᠂ ᠭᠡᠷ᠎ᠡ ᠲᠣᠭᠲᠠᠬᠤ ᠲᠥᠷᠥᠯ  ᠵᠦᠢᠯ ᠤᠨ ᠬᠢᠨᠠᠨ ᠵᠥᠪᠰᠢᠶᠡᠷᠡᠬᠦ ᠦᠢᠯᠡᠴᠢᠯᠡᠭᠡ ᠪᠠ ᠡᠬᠢᠯᠡᠨ ᠪᠠᠶᠢᠭᠤᠯ᠊ ‍ᠬᠤ ᠵᠡᠷᠭᠡ ᠠᠬᠢᠴᠠ ᠶᠢᠨ ᠪᠠᠶᠢᠳᠠᠯ ᠢ ᠮᠥᠷᠳᠡᠨ ᠳᠠᠭᠠᠵᠤ ᠲᠤᠬᠢᠷᠠᠭᠤᠯᠤᠯᠲᠠ ᠬᠢᠨ᠎ᠡ᠃︵ᠭᠤᠷᠪᠠ︶ ᠣᠷᠣᠨ ᠨᠤᠲᠤᠭ ᠤᠨ ᠮᠥᠩᠭᠦᠨ ᠭᠦᠶ᠋ᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠳᠤ ᠵᠣᠬᠢᠴᠠᠭᠤᠯᠤᠨ ᠦᠢᠯᠡᠴᠢᠯᠡᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠴᠢᠳᠠᠪᠬᠢ ᠶᠢ ᠴᠢᠩᠭᠠᠳᠬᠠᠨ᠎ᠠ᠃ ᠮᠥᠩᠭᠦᠨ ᠭᠦᠢᠯᠭᠡᠭᠡᠨ ᠤ  ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃︵ᠳᠥᠷᠪᠡ︶ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠯᠴᠠᠭ᠎ᠠ ᠶᠢ ᠵᠤᠬᠢᠴᠠᠭᠤᠯᠬᠤ ᠶᠢ ᠬᠠᠷᠢᠭᠤᠴᠠᠨ᠎ᠠ᠃ ᠮᠥᠩᠭᠦᠨ ᠭᠦᠢᠯᠭᠡᠭᠡᠨ ᠤ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠬᠠᠷᠢᠭᠤᠴᠠᠨ᠎ᠠ᠃︵ᠲᠠᠪᠤ︶ ᠬᠤᠰᠢᠭᠤᠨ ᠤ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠲᠥᠷᠥᠯ  ᠵᠦᠢᠯ ᠤᠨ ᠪᠠᠯᠠ  ᠬᠤᠷᠠᠮᠳᠤᠭᠤᠯᠬᠤ ᠲᠥᠰᠦᠯ  ᠢ ᠰᠤᠳᠤᠯᠤᠨ ᠲᠣᠭᠲᠠᠭᠠᠬᠤ ᠳᠤ ᠣᠷᠣᠯᠴᠠᠨ᠎ᠠ᠃︵ᠵᠢᠷᠭᠤᠭ᠎ᠠ︶ ᠪᠥᠬᠦ ᠬᠤᠰᠢᠭᠤᠨ ᠤ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ᠂ ᠫᠠᠶᠢᠰᠠ ᠡᠯᠭᠦᠬᠦ ᠪᠠ ᠰᠢᠭᠤᠳ ᠪᠠᠯᠠ  ᠬᠤᠷᠠᠮᠳᠤᠭᠤᠯᠬᠤ ᠠᠵᠢᠯ ᠢ ᠵᠣᠬᠢᠴᠠᠭᠤᠯᠤᠨ ᠠᠬᠢᠭᠤᠯᠤᠨ᠎ᠠ᠃︵ᠳᠣᠯᠤᠭ᠎ᠠ︶ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠦᠢᠯᠡᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠣᠷᠣᠨ ᠨᠤᠲᠤᠭ ᠤᠨ ᠬᠠᠤᠯᠢ ᠶᠢᠨ ᠬᠥᠮᠦᠨ ᠤ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠶᠢ ᠵᠢᠯᠣᠭᠤᠳᠤᠨ᠎ᠠ᠃︵ᠨᠠᠢᠮᠠ︶ ᠡᠷᠬᠡ ᠮᠡᠳᠡᠯ ᠤᠨ ᠲᠣᠭᠲᠠᠭᠠᠯ ᠶᠣᠰᠣᠭᠠᠷ ᠪᠥᠬᠦ ᠬᠤᠰᠢᠭᠤᠨ ᠤ ᠵᠢᠵᠢᠭ ᠵᠢᠭᠡᠯᠡᠯᠭᠡ ᠶᠢᠨ ᠺᠤᠮᠫᠠᠨᠢ᠂ ᠪᠠᠯᠠ ᠬᠤᠷᠠᠮᠳᠤᠭᠤᠯᠭ᠎ᠠ ᠶᠢᠨ ᠴᠢᠨᠠᠷᠲᠠᠢ ᠪᠠᠲᠤᠯᠠᠨ ᠳᠠᠭᠠᠭᠠᠭᠴᠢ ᠺᠣᠮᠫᠠᠨᠢ᠂ ᠳᠡᠨᠵᠢ ᠶᠢᠨ ᠦᠢᠯᠡᠰ᠂ ᠪᠡᠯᠡ ᠬᠤᠷᠠᠮᠳᠤᠭᠤᠯᠤᠨ ᠳᠦᠷᠢᠶᠡᠰᠦᠯᠡᠭᠦᠯᠬᠦ ᠺᠤᠮᠫᠠᠨᠢ ᠶᠢ ᠬᠢᠨᠠᠵᠤ ᠬᠠᠮᠢᠶᠠᠷᠤᠨ᠎ᠠ᠂︵ᠶᠢᠰᠦ︶ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠲᠤᠭᠲᠠᠴᠠ ᠶᠢ ᠪᠦᠷᠢᠨ ᠲᠡᠭᠦᠯᠳᠡᠷᠵᠢᠭᠦᠯᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠣᠭᠲᠠᠭᠤᠨ ᠪᠠ ᠠᠮᠤᠷ ᠲᠦᠪᠰᠢᠨ ᠢ ᠬᠠᠮᠠᠭᠠᠯᠠᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠲᠤᠯᠤᠭᠠᠶᠢᠯᠠᠨ ᠬᠢᠨ᠎ᠡ᠃︵ᠠᠷᠪᠠ︶ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号