| ᠪᠠᠶᠢᠭᠤᠯᠤᠮᠵᠢ ᠶᠢᠨ ᠨᠡᠷᠡᠶᠢᠳᠦᠯ᠄ ᠬᠠᠷᠠᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ | ᠪᠠᠶᠢᠭᠤᠯᠤᠮᠵᠢ ᠶᠢᠨ ᠰᠢᠨᠵᠢ ᠴᠢᠨᠠᠷ᠄ ᠵᠠᠰᠠᠭ ᠵᠠᠬᠢᠷᠭᠠᠨ | ᠠᠵᠢᠯᠯᠠᠬᠤ ᠭᠠᠵᠠᠷ᠄ ᠬᠠᠷᠠᠴᠢᠨ ᠬᠤᠰᠢᠭᠤᠨ ᠤ ᠵᠢᠨᠱᠠᠨ ᠪᠠᠯᠭᠠᠰᠤᠨ ᠤ ᠵᠢᠨᠨᠠᠨ ᠶᠡᠭᠡ ᠵᠡᠭᠡᠯᠢ ᠶᠢᠨ 165 ᠳ᠋ᠤᠭᠠᠷ | ᠨᠣᠮᠧᠷ | ᠬᠠᠷᠢᠯᠴᠠᠬᠤ ᠤᠲᠠᠰᠤ᠄ 0476 — 3756108 | ᠡᠭᠦᠷᠭᠡ ᠬᠠᠷᠢᠭᠤᠴᠠᠯᠭ᠎ᠠ᠄ | ︵ᠨᠢᠭᠡ︶ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ | ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠠᠮᠤᠷ ᠲᠥᠪᠰᠢᠨ ᠦᠢᠯᠡᠳᠪᠦᠷᠢᠯᠡᠯ ᠂ | ᠪᠠᠶᠢᠭᠠᠯᠢ ᠶᠢᠨ ᠭᠠᠮᠰᠢᠭ ᠤᠨ ᠵᠡᠷᠭᠡ ᠭᠡᠨᠡᠳᠲᠡ ᠶᠢᠨ ᠬᠡᠷᠡᠭ ᠢ ᠠᠷᠭᠠᠴᠠᠭᠠᠬᠤ ᠪᠠ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ᠂ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ ᠠᠵᠢᠯ ᠢ ᠵᠢᠯᠣᠭᠤᠳᠤᠨ᠎ᠠ᠃ ᠪᠦᠬᠦ ᠬᠤᠰᠢᠭᠤᠨ ᠤ ᠠᠮᠤᠷ | ᠲᠥᠪᠰᠢᠨ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠪᠠ ᠬᠠᠮᠢᠶ᠎ᠠ ᠪᠦᠬᠦᠢ ᠦᠢᠯᠡᠳᠪᠦᠷᠢ | ᠠᠭᠤᠷᠬᠠᠢ ᠠᠷᠠᠯᠵᠢᠶ᠎ᠠ ᠬᠤᠳᠠᠯᠳᠤᠭᠠᠨ ᠤ ᠠᠵᠢᠯ ᠲᠥᠷᠥᠯ ᠤᠨ ᠠᠮᠤᠷ ᠲᠥᠪᠰᠢᠨ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠬᠤᠶᠠᠷ︶ ᠲᠥᠪ ᠬᠤᠷᠢᠶ᠎ᠡ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ᠂ ᠬᠤᠰᠢᠭᠤᠨ ᠤ ᠠᠮᠤᠷ | ᠲᠥᠪᠰᠢᠨ ᠦᠢᠯᠡᠳᠪᠦᠷᠢᠯᠡᠯ ᠤᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠠᠮᠤᠷ ᠲᠥᠪᠰᠢᠨ | ᠦᠢᠯᠡᠳᠪᠦᠷᠢᠯᠡᠯ ᠤᠨ ᠬᠤᠯᠪᠣᠭᠳᠠᠯ ᠪᠥᠬᠦᠶ ᠬᠠᠤᠯᠢ ᠴᠠᠭᠠᠵᠠ ᠳᠦᠷᠢᠮ ᠲᠣᠭᠲᠠᠭᠠᠯ᠂ ᠰᠠᠯᠠᠭ᠎ᠠ ᠮᠥᠴᠢᠷ ᠤᠨ ᠲᠦᠷᠢᠮ | ᠲᠣᠭᠲᠠᠭᠠᠯ ᠵᠢᠴᠢ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠰᠢᠭᠤᠨ ᠤ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠢ ᠵᠠᠳᠠᠯᠤᠨ ᠰᠢᠨᠵᠢᠯᠡᠵᠦ᠂ ᠠᠶᠤᠯᠭᠦᠢ ᠦᠢᠯᠡᠳᠪᠦᠷᠢᠯᠡᠯ ᠤᠨ ᠴᠢᠬᠤᠯᠠ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠨ᠎ᠡ᠃ | ︵ᠭᠤᠷᠪᠠ︶ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯ ᠥᠬᠡᠶ | ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ᠂ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠵᠤ | ᠬᠡᠷᠡᠭᠵᠢᠭᠦᠯᠦᠨ᠎ᠡ᠃ | ︵ᠳᠥᠷᠪᠡ︶ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮ ᠤᠨ | ᠪᠠᠶᠢᠭᠤᠯᠤᠯᠲᠠ ᠶᠢ ᠵᠢᠯᠣᠭᠤᠳᠤᠨ᠂ ᠭᠡᠨᠡᠳᠡᠯ ᠪᠣᠯᠤᠨ ᠪᠠᠶᠢᠭᠠᠯᠢ ᠶᠢᠨ ᠭᠠᠮᠰᠢᠭ ᠢ ᠳᠡᠰ ᠬᠤᠪᠢᠶᠠᠨ ᠠᠷᠭᠠᠴᠠᠬᠤ | ᠤᠯᠤᠰ ᠤᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠠᠴᠢᠨ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠬᠤ ᠶᠡᠷᠦᠩᠬᠡᠶ ᠪᠡᠯᠡᠳᠬᠡᠯ ᠲᠥᠰᠦᠯ ᠪᠣᠯᠤᠨ ᠠᠶᠤᠯᠭᠦᠶ ᠦᠢᠯᠡᠳᠪᠦᠷᠢᠯᠡᠯ ᠂ ᠪᠠᠶᠢᠭᠠᠯᠢ ᠶᠢᠨ ᠭᠠᠮᠰᠢᠭ ᠤᠨ | ᠲᠤᠰᠬᠠᠶ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠳᠥᠰᠥᠪᠯᠡᠨ ᠵᠣᠬᠢᠶᠠᠵᠤ᠂ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠦᠯ ᠢ ᠵᠤᠯᠭᠠᠭᠤᠯᠬᠤ ᠶᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠦᠯ ᠤᠨ | ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠲᠠᠪᠤ︶ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠬᠠᠷᠠᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠭᠠᠷᠳᠠᠨ ᠪᠠᠶᠢᠭᠤᠯᠵᠤ᠂ ᠮᠡᠳᠡᠭᠡ ᠵᠠᠩᠭᠢ ᠳᠠᠮᠵᠢᠭᠤᠯᠬᠤ ᠠᠷᠭ᠎ᠠ | ᠵᠠᠮ ᠤᠨ ᠳᠥᠰᠥᠪ ᠪᠠ ᠪᠠᠶᠢᠷᠢᠰᠢᠭᠤᠯᠤᠯᠲᠠ ᠶᠢᠨ ᠠᠵᠢᠯ ᠢ ᠠᠬᠢᠭᠤᠯᠵᠤ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠ | ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠵᠤ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ | ᠡᠬᠢ ᠪᠠᠶᠠᠯᠢᠭ ᠢ ᠬᠠᠮᠲᠤ ᠪᠠᠷ ᠡᠳ᠋ᠯᠡᠬᠦ ᠲᠤᠭᠲᠠᠴᠠ ᠶᠢ ᠲᠡᠭᠦᠯᠳᠡᠷᠵᠢᠭᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠭᠰᠠ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃ | ︵ᠵᠢᠷᠭᠤᠭ᠎ᠠ︶ ᠪᠥᠬᠦ ᠬᠤᠰᠢᠭᠤᠨ ᠤ ᠠᠶᠤᠯ ᠥᠬᠡᠶ ᠦᠢᠯᠡᠳᠪᠦᠷᠢᠯᠡᠯ᠂ ᠪᠠᠶᠢᠭᠠᠯᠢ ᠶᠢᠨ ᠭᠠᠮᠰᠢᠭ ᠵᠡᠷᠭᠡ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠵᠤ | ᠵᠢᠯᠣᠭᠤᠳᠤᠨ ᠵᠣᠬᠢᠴᠠᠭᠤᠯᠤᠨ᠎ᠠ᠃ ᠬᠠᠷᠠᠴᠢᠨ ᠬᠤᠰᠢᠭᠤᠨ ᠤ ᠬᠦᠨᠳᠦ ᠶᠡᠭᠡ ᠭᠠᠮᠰᠢᠭ ᠢ ᠡᠰᠡᠷᠭᠦᠴᠡᠬᠦ ᠵᠢᠯᠣᠭᠤᠳᠬᠤ | ᠭᠠᠵᠠᠷ ᠤᠨ ᠠᠵᠢᠯ ᠢ ᠡᠭᠦᠷᠭᠡᠯᠡᠵᠦ᠂ ᠭᠡᠨᠡᠳᠲᠡ ᠶᠢᠨ ᠬᠡᠷᠡᠭ ᠤᠨ ᠬᠥᠭᠵᠢᠯᠲᠡ ᠶᠢᠨ ᠪᠠᠶᠢᠳᠠᠯ ᠢ ᠶᠡᠷᠥᠩᠬᠡᠢ ᠳᠤᠨᠢ | ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠬᠤ ᠰᠠᠨᠠᠭᠤᠯᠭ᠎ᠠ ᠳᠤᠷᠠᠳᠴᠤ᠂ ᠬᠤᠰᠢᠭᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠲᠣᠭᠲᠠᠭᠠᠭᠰᠠᠨ ᠬᠠᠷᠢᠭᠤᠴᠠᠯᠭᠠᠲᠠᠨ ᠢ ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠭᠠᠨᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ | ︵ᠳᠣᠯᠤᠭ᠎ᠠ︶ ᠪᠦᠬᠦ ᠬᠤᠰᠢᠭᠤᠨ ᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠪᠤᠷᠠᠬᠤ ᠲᠤᠰᠬᠠᠶ ᠡᠩᠨᠡᠭᠡ ᠶᠢ ᠡᠷᠬᠡ | ᠲᠤᠰᠢᠶᠡᠯ ᠤᠨ ᠶᠤᠰᠤᠭᠠᠷ ᠵᠣᠬᠢᠴᠠᠭᠤᠯᠤᠨ ᠵᠢᠯᠣᠭᠤᠳᠴᠤ᠂ ᠪᠦᠬᠦ ᠬᠤᠰᠢᠭᠤᠨ ᠤ ᠪᠠᠴᠢᠮ ᠪᠠᠶᠢᠳᠠᠯ ᠠᠴᠠ ᠠᠪᠤᠷᠠᠨ | ᠵᠤᠬᠢᠴᠠᠭᠤᠯᠬᠤ ᠬᠠᠮᠳᠤᠷᠠᠨ ᠬᠦᠳᠡᠯᠦᠯᠴᠡᠬᠦ ᠲᠣᠭᠲᠠᠴᠠ ᠶᠢ ᠪᠠᠶᠢᠭᠤᠯᠵᠤ᠂ ᠵᠢᠯᠣᠭᠤᠳᠬᠤ ᠲᠠᠪᠴᠠᠩ ᠲᠠᠢ | ᠵᠠᠯᠭᠠᠭᠤᠯᠬᠤ ᠶᠢ ᠠᠬᠢᠭᠤᠯᠵᠤ᠂ ᠭᠠᠯ ᠤᠨᠲᠠᠷᠠᠭᠠᠬᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠢᠯᠡᠬᠦ | ᠡᠩᠨᠡᠭᠡ᠂ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠪᠠᠴᠢᠮ ᠪᠠᠢᠳᠠᠯ ᠢ ᠠᠪᠤᠷᠠᠨ | ᠲᠤᠰᠠᠯᠠᠬᠤ ᠠᠵᠢᠯ ᠳᠤ ᠣᠷᠣᠯᠴᠠᠭᠤᠯᠤᠨ᠎ᠠ᠃ | ︵ᠨᠠᠢᠮᠠ︶ ᠪᠦᠬᠦ ᠬᠤᠰᠢᠭᠤᠨ ᠤ ᠪᠠᠴᠢᠮ ᠪᠠᠶᠢᠳᠠᠯ ᠢ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ | ᠨᠢᠭᠡᠳᠦᠯᠲᠡᠢ ᠲᠥᠯᠥᠪᠵᠢᠭᠦᠯᠦᠨ ᠵᠢᠯᠣᠭᠤᠳᠴᠤ᠂ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠤᠨ ᠬᠡᠪᠴᠢᠶ᠎ᠡ | ᠶᠣᠰᠣᠭᠠᠷ ᠣᠢ ᠰᠢᠭᠤᠶ ᠪᠠ ᠨᠤᠲᠤᠭ ᠪᠡᠯᠴᠢᠭᠡᠷ ᠤᠨ ᠭᠠᠯ ᠲᠦᠢᠮᠡᠷ ᠢ ᠤᠨᠲᠠᠷᠠᠭᠠᠬᠤ᠂ ᠠᠶᠤᠯ ᠠᠴᠠ ᠠᠪᠤᠷᠠᠬᠤ᠂ | ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ | ᠠᠪᠤᠷᠠᠬᠤ ᠪᠠ ᠭᠠᠵᠠᠷ ᠰᠢᠨᠵᠢᠯᠡᠭᠡᠨ ᠤ ᠭᠠᠢ ᠭᠠᠮᠰᠢᠭ ᠠᠴᠠ ᠠᠪᠤᠷᠠᠨ ᠲᠤᠰᠠᠯᠠᠬᠤ᠂ ᠦᠢᠯᠡᠳᠪᠦᠷᠢᠯᠡᠯ ᠤᠨ ᠠᠮᠤᠷ | ᠲᠦᠪᠰᠢᠨ ᠤ ᠭᠡᠨᠡᠳᠡᠯ ᠠᠴᠠ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠠᠴᠠ ᠠᠪᠤᠷᠠᠨ ᠲᠤᠰᠠᠯᠠᠬᠤ ᠲᠤᠰᠬᠠᠶ | ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠪᠦᠬᠦ ᠬᠤᠰᠢᠭᠤᠨ ᠤ ᠪᠠᠴᠢᠮ ᠪᠠᠶᠢᠳᠠᠯ ᠢ | ᠠᠪᠤᠷᠠᠨ ᠲᠤᠰᠠᠯᠠᠬᠤ ᠲᠤᠰᠬᠠᠶᠢᠵᠢᠭᠰᠠᠨ ᠡᠩᠨᠡᠭᠡ ᠶᠢ ᠬᠠᠮᠢᠶᠠᠷᠴᠤ᠂ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ | ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ | ᠪᠠᠶᠢᠭᠤᠯᠬᠤ ᠶᠢ ᠠᠬᠢᠭᠤᠯᠤᠨ᠎ᠠ᠃ | ︵ᠶᠢᠰᠦ︶ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠦᠶᠡᠷ ᠭᠠᠩ ᠤᠨ | ᠭᠠᠮᠰᠢᠭ᠂ ᠭᠠᠵᠠᠷ ᠬᠥᠳᠡᠯᠦᠯᠲᠡ ᠪᠠ ᠭᠠᠵᠠᠷ ᠰᠢᠨᠵᠢᠯᠡᠭᠡᠨ ᠤ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ | ᠵᠣᠬᠢᠴᠠᠭᠤᠯᠤᠨ ᠵᠢᠯᠤᠭᠤᠳᠤᠨ᠎ᠠ᠃ ᠪᠦᠬᠦ ᠬᠤᠰᠢᠭᠤᠨ ᠤ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠬᠦ᠂ | ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠵᠤ᠂ ᠪᠦᠬᠦ ᠬᠤᠰᠢᠭᠤᠨ ᠤ ᠪᠠᠶᠢᠭᠠᠯᠢ ᠶᠢᠨ ᠭᠠᠮᠰᠢᠭ ᠤᠨ | ᠶᠡᠷᠦᠩᠬᠡᠢᠯᠡᠭᠰᠡᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠠᠷᠪᠠ︶ ᠭᠠᠯ ᠤᠨᠲᠠᠷᠠᠭᠠᠬᠤ ᠪᠠᠶᠢᠭᠤᠯᠤᠯᠭ᠎ᠠ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ | ᠤᠨᠲᠠᠷᠠᠭᠠᠬᠤ ᠵᠡᠷᠭᠡ ᠠᠵᠢᠯ ᠢ ᠡᠷᠬᠡ ᠮᠡᠳᠡᠯ ᠤᠨ ᠬᠡᠪᠴᠢᠶ᠎ᠡ ᠶᠣᠰᠣᠭᠠᠷ ᠵᠣᠬᠢᠴᠠᠭᠤᠯᠤᠨ᠎ᠠ᠃ | ︵ᠠᠷᠪᠠᠨ ᠨᠢᠭᠡ︶ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ | ᠭᠠᠮᠰᠢᠭ ᠤᠨ ᠪᠠᠶᠢᠳᠠᠯ ᠢ ᠰᠢᠯᠭᠠᠨ ᠪᠠᠶᠢᠴᠠᠭᠠᠬᠤ᠂ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ | ᠭᠠᠮᠰᠢᠭ ᠠᠴᠠ ᠠᠪᠤᠷᠠᠨ ᠳᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠭᠠᠮᠰᠢᠭ ᠠᠴᠠ ᠠᠪᠤᠷᠠᠬᠤ | ᠵᠣᠭᠤᠰ ᠮᠥᠩᠭᠦ ᠡᠳ᠋ ᠪᠣᠳᠠᠰ ᠢ ᠬᠠᠮᠢᠶᠠᠷᠴᠤ ᠬᠤᠪᠢᠶᠠᠷᠢᠯᠠᠬᠤ ᠶᠢᠨ ᠬᠠᠮᠲᠤ ᠬᠡᠷᠡᠭᠯᠡᠯᠲᠡ ᠶᠢᠨ ᠪᠠᠶᠢᠳᠠᠯ ᠳᠤ ᠬᠢᠨᠠᠯᠲᠠ | ᠲᠠᠯᠪᠢᠨ᠎ᠠ᠃ | ︵ᠠᠷᠪᠠᠨ ᠬᠤᠶᠠᠷ︶ ᠬᠠᠷᠠᠴᠢᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠡᠷᠬᠡ ᠲᠤᠰᠢᠶᠠᠯ ᠢ ᠬᠠᠤᠯᠢ ᠶᠣᠰᠣᠭᠠᠷ ᠬᠡᠷᠡᠭᠵᠢᠭᠦᠯᠵᠦ᠂ ᠬᠤᠰᠢᠭᠤᠨ ᠤ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ ᠪᠣᠯᠤᠨ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠠᠶᠤᠯᠭᠦᠶ ᠦᠢᠯᠡᠳᠪᠦᠷᠢᠯᠡᠯ ᠤᠨ | ᠠᠵᠢᠯ ᠢ ᠵᠢᠯᠣᠭᠤᠳᠤᠨ ᠵᠣᠬᠢᠴᠠᠭᠤᠯᠵᠤ᠂ ᠬᠢᠨᠠᠯᠲᠠ ᠲᠠᠯᠪᠢᠨ ᠪᠠᠶᠢᠴᠠᠭᠠᠵᠤ᠂ ᠠᠶᠤᠯ ᠦᠭᠡᠢ ᠦᠢᠯᠡᠳᠪᠦᠷᠢᠯᠡᠯ ᠢ | ᠲᠤᠭᠤᠷᠢᠨ ᠪᠠᠶᠢᠴᠠᠭᠠᠬᠤ᠂ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ᠎ᠠ᠃ | ︵ᠠᠷᠪᠠᠨ ᠭᠤᠷᠪᠠ︶ ᠲᠠᠰ ᠬᠤᠪᠢᠶᠠᠬᠤ᠂ ᠬᠠᠷᠢᠶ᠎ᠠ ᠭᠠᠵᠠᠷ ᠤᠨ ᠵᠠᠷᠴᠢᠮ ᠶᠣᠰᠣᠭᠠᠷ᠂ ᠦᠢᠯᠡᠳᠪᠦᠷᠢ ᠠᠭᠤᠷᠬᠠᠶ | ᠠᠷᠠᠯᠵᠢᠶ᠎ᠠ ᠬᠤᠳᠠᠯᠳᠤᠭᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠥᠬᠡᠶ ᠦᠢᠯᠡᠳᠪᠦᠷᠢᠯᠡᠯ ᠤᠨ | ᠬᠠᠤᠯᠢ ᠴᠠᠭᠠᠵᠠ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠵᠢᠴᠢ ᠠᠶᠤᠯ ᠥᠬᠡᠶ | ᠦᠢᠯᠡᠳᠪᠦᠷᠢᠯᠡᠯ ᠤᠨ ᠨᠥᠬᠦᠴᠡᠯ ᠪᠣᠯᠤᠨ ᠬᠤᠯᠪᠣᠭᠳᠠᠯ ᠪᠥᠬᠦᠶ ᠲᠥᠬᠦᠭᠡᠷᠦᠮᠵᠢ ︵ᠤᠨᠴᠠᠭᠠᠢ ᠲᠥᠬᠦᠭᠡᠷᠦᠮᠵᠢ | ᠪᠠᠭᠲᠠᠬᠤ ᠥᠬᠡᠶ︶᠂ ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠠᠮᠤᠷ ᠲᠦᠪᠰᠢᠨ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ᠃ | ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠨ ᠣᠷᠣᠭᠤᠯᠬᠤ ᠳᠦᠷᠢᠮ ᠢ ᠬᠠᠤᠯᠢ ᠶᠣᠰᠣᠭᠠᠷ ᠵᠣᠬᠢᠶᠠᠨ | ᠪᠠᠶᠢᠭᠤᠯᠬᠤ ᠶᠢᠨ ᠬᠠᠮᠲᠤ ᠵᠢᠯᠣᠭᠤᠳᠤᠨ ᠬᠢᠨᠠᠯᠲᠠ ᠲᠠᠯᠪᠢᠵᠤ ᠬᠡᠷᠡᠭᠵᠢᠭᠦᠯᠤᠨ᠎ᠠ᠃ ᠪᠦᠬᠦ ᠬᠤᠰᠢᠭᠤᠨ ᠤ ᠠᠶᠤᠯᠲᠠᠶ | ᠬᠢᠮᠢ ᠶᠢᠨ ᠪᠣᠳᠠᠰ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠪᠠ ᠫᠤᠤᠵᠢᠩ ᠤᠨ ᠠᠮᠤᠷ ᠲᠦᠪᠰᠢᠨ ᠢ ᠬᠢᠨᠠᠨ | ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠠᠷᠪᠠᠨ ᠲᠦᠷᠪᠡ︶ ᠪᠦᠬᠦ ᠬᠤᠰᠢᠭᠤᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠬᠡᠷᠡᠭ ᠠᠳᠡᠯ ᠢ ᠪᠠᠶᠢᠴᠠᠭᠠᠨ | ᠰᠢᠢᠳᠪᠦᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠢᠯᠣᠭᠤᠳᠴᠤ᠂ ᠬᠡᠷᠡᠭ ᠠᠳᠡᠯ ᠢ ᠪᠠᠶᠢᠴᠠᠭᠠᠨ | ᠰᠢᠢᠳᠪᠦᠷᠢᠯᠡᠭᠰᠡᠨ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠤᠭᠰᠠᠨ ᠪᠠᠢᠳᠠᠯ ᠳᠤ ᠬᠢᠨᠠᠯᠲᠠ ᠲᠠᠯᠪᠢᠨ᠎ᠠ᠃ | ᠪᠠᠶᠢᠭᠠᠯᠢ ᠶᠢᠨ ᠭᠠᠮᠰᠢᠭ ᠤᠨ ᠭᠡᠨᠡᠳᠲᠡ ᠶᠢᠨ ᠬᠡᠷᠡᠭ ᠢ ᠪᠠᠶᠢᠴᠠᠭᠠᠨ ᠦᠨᠡᠯᠡᠬᠦ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠤᠨ᠎ᠠ᠃ | ︵ᠠᠷᠪᠠᠨ ᠲᠠᠪᠤ︶ ᠪᠥᠬᠦ ᠬᠤᠰᠢᠭᠤᠨ ᠤ ᠪᠠᠴᠢᠮ ᠪᠠᠶᠢᠳᠠᠯ ᠠᠴᠠ ᠠᠪᠣᠷᠠᠬᠤ ᠡᠳ᠋ ᠪᠣᠳᠠᠰ ᠤᠨ ᠨᠥᠭᠡᠴᠡ ᠪᠠ ᠪᠠᠴᠢᠮ | ᠪᠠᠶᠢᠳᠠᠯ ᠢ ᠠᠪᠤᠷᠠᠨ ᠲᠤᠰᠠᠯᠠᠬᠤ ᠲᠥᠬᠦᠭᠡᠷᠦᠮᠵᠢ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠬᠤᠰᠢᠭᠤᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠰᠠᠯᠠᠭ᠎ᠠ | ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠠᠴᠠ ᠠᠪᠤᠷᠠᠬᠤ ᠡᠳ᠋ ᠪᠣᠳᠠᠰ ᠤᠨ ᠮᠡᠳᠡᠭᠡ ᠵᠠᠩᠭᠢ ᠶᠢᠨ ᠲᠠᠪᠴᠠᠩ ᠪᠠ | ᠰᠢᠯᠵᠢᠭᠦᠯᠦᠨ ᠥᠭᠬᠦ ᠳᠦᠷᠢᠮ ᠢ ᠲᠡᠭᠦᠯᠳᠡᠷᠵᠢᠭᠦᠯᠵᠦ᠂ ᠭᠠᠮᠰᠢᠭ ᠠᠴᠠ ᠠᠪᠤᠷᠠᠬᠤ ᠦᠶ᠎ᠡ ᠳᠤ ᠨᠢᠭᠡᠳᠦᠯᠲᠡᠶ | ᠲᠣᠬᠢᠷᠠᠭᠤᠯᠬᠤ ᠬᠡᠷᠡᠭᠲᠡᠶ᠃ | ︵ᠠᠷᠪᠠᠨ ᠵᠢᠷᠭᠤᠭ᠎ᠠ︶ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ | ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠠ ᠪᠣᠯᠪᠠᠰᠤᠷᠠᠯ ᠤᠨ ᠠᠵᠢᠯ ᠢ ᠬᠠᠷᠢᠭᠤᠴᠠᠨ᠎ᠠ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠤᠯ᠂ ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢ ᠶᠢᠨ ᠪᠠᠶᠢᠭᠤᠯᠤᠯᠲᠠ ᠶᠢᠨ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ | ︵ᠠᠷᠪᠠᠨ ᠳᠣᠯᠤᠭ᠎ᠠ︶ ᠪᠥᠬᠦ ᠬᠤᠰᠢᠭᠤᠨ ᠤ ᠭᠡᠨᠡᠳᠲᠡ ᠶᠢᠨ ᠬᠡᠷᠡᠭ ᠢ ᠠᠷᠭᠠᠴᠠᠭᠠᠬᠤ ᠠᠵᠢᠯ ᠵᠢᠴᠢ ᠪᠠᠴᠢᠮ ᠪᠠᠶᠢᠳᠠᠯ | ᠠᠴᠠ ᠠᠪᠤᠷᠠᠬᠤ ᠪᠡᠯᠡᠳᠬᠡᠯ ᠲᠥᠰᠦᠯ᠂ ᠪᠠᠶᠢᠭᠤᠯᠤᠮᠵᠢ᠂ ᠲᠣᠭᠲᠠᠴᠠ ᠪᠠ ᠬᠠᠤᠯᠢ ᠲᠦᠷᠢᠮ ᠤᠨ ᠪᠠᠶᠢᠭᠤᠯᠤᠯᠲᠠ ᠶᠢ | ᠲᠥᠯᠥᠪᠵᠢᠭᠦᠯᠬᠦ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠵᠢᠯᠣᠭᠤᠳᠬᠤ᠂ ᠪᠠᠶᠢᠴᠠᠭᠠᠬᠤ ᠶᠢ ᠬᠠᠷᠢᠭᠤᠴᠠᠨ᠎ᠠ᠃ | ︵ᠠᠷᠪᠠᠨ ᠨᠠᠢᠮᠠ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ︵ᠠᠷᠪᠠ ᠶᠢᠰᠦ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ ᠨᠢ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠰᠢᠯᠢᠳᠡᠭᠵᠢᠭᠦᠯᠵᠦ᠂ ᠨᠢᠭᠡᠳᠦᠯᠲᠡᠶ ᠲᠥᠯᠥᠪᠯᠡᠵᠦ᠂ ᠨᠢᠭᠡᠳᠦᠯᠲᠡᠶ ᠤᠳᠤᠷᠢᠳᠤᠭᠰᠠᠨ᠂ ᠡᠷᠬᠡ | ᠬᠠᠷᠢᠭᠤᠴᠠᠯᠭ᠎ᠠ ᠨᠢᠭᠡᠳᠦᠯᠲᠡᠶ᠂ ᠡᠷᠬᠡ ᠰᠦᠷ ᠲᠠᠢ᠂ ᠦᠨᠳᠦᠷ ᠦᠷ᠎ᠡ ᠠᠰᠢᠭᠳᠠᠢ ᠪᠥᠬᠦ ᠬᠤᠰᠢᠭᠤᠨ ᠤ ᠪᠠᠴᠢᠮ | ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠰᠢᠰᠲ᠋ᠧᠮ ᠶᠢ ᠪᠠᠶᠢᠭᠤᠯᠵᠤ᠂ ᠨᠢᠭᠡᠳᠦᠯᠲᠡᠢ ᠵᠢᠯᠣᠭᠤᠳᠤᠭᠰᠠᠨ᠂ ᠲᠤᠰᠬᠠᠶ | ᠪᠠ ᠪᠠᠶᠢᠩᠭᠤ ᠬᠤᠤᠰᠯᠠᠭᠰᠠᠨ᠂ ᠲᠤᠰᠬᠠᠯ ᠰᠣᠷᠭᠤᠭ᠂ ᠳᠡᠭᠡᠳᠦ ᠳᠣᠤᠷᠠᠳᠤ ᠱᠠᠲᠤ ᠬᠠᠮᠲᠤᠷᠠᠨ ᠬᠥᠳᠡᠯᠦᠯᠴᠡᠭᠰᠡᠨ᠂ | ᠡᠩ ᠤᠨ ᠦᠶ᠎ᠡ ᠪᠠ ᠲᠡᠶᠢᠨ ᠤ ᠦᠶ᠎ᠡ ᠶᠢ ᠤᠶᠠᠯᠳᠤᠭᠤᠯᠤᠭᠰᠠᠨ ᠳᠤᠮᠳᠠᠳᠤ ᠤᠯᠤᠰ ᠤᠨ ᠣᠨᠴᠠᠯᠢᠭ ᠲᠠᠢ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠣᠢ ᠪᠣᠯᠭᠠᠬᠤ ᠶᠢ ᠠᠬᠢᠭᠤᠯᠤᠨ᠎ᠠ᠃ ᠨᠢᠭᠡ ᠳᠤ | ᠰᠡᠷᠭᠡᠶᠢᠯᠡᠬᠦ ᠪᠠᠷ ᠭᠤᠤᠯ ᠪᠣᠯᠭᠠᠵᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠨ᠎ᠠ᠃ | ᠬᠡᠪ ᠤᠨ ᠪᠠᠶᠢᠳᠠᠯ ᠢᠶᠠᠷ ᠭᠠᠮᠰᠢᠭ ᠢ ᠪᠠᠭᠠᠰᠬᠠᠬᠤ ᠪᠠ ᠬᠡᠪ ᠤᠨ ᠪᠤᠰᠤ ᠪᠠᠶᠢᠳᠠᠯ ᠳᠤ ᠭᠠᠮᠰᠢᠭ ᠠᠴᠠ ᠠᠪᠤᠷᠠᠬᠤ ᠶᠢ | ᠨᠢᠭᠡᠳᠦᠯᠲᠡᠶ ᠪᠠᠶᠢᠯᠭᠠᠬᠤ ᠶᠢ ᠪᠠᠷᠢᠮᠲᠠᠯᠠᠵᠤ᠂ ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠠᠴᠠ ᠭᠠᠮᠰᠢᠭ ᠠᠴᠠ | ᠡᠮᠦᠨ᠎ᠡ ᠰᠡᠷᠭᠡᠶᠢᠯᠡᠬᠦ ᠶᠢ ᠴᠢᠬᠤᠯᠠᠴᠢᠯᠠᠬᠤ ᠲᠡᠰᠢ ᠬᠤᠪᠢᠷᠠᠭᠤᠯᠬᠤ ᠶᠢ ᠴᠢᠷᠮᠠᠶᠢᠨ ᠪᠡᠶᠡᠯᠡᠭᠦᠯᠦᠨ᠎ᠡ᠃ ᠳᠠᠩ ᠭᠠᠭᠴᠠ | ᠭᠠᠮᠰᠢᠭ ᠢ ᠠᠷᠭᠠᠴᠠᠭᠠᠬᠤ ᠠᠴᠠ ᠭᠠᠮᠰᠢᠭ ᠢ ᠪᠠᠭᠠᠰᠬᠠᠬᠤ ᠲᠡᠰᠢ ᠬᠤᠪᠢᠷᠠᠭᠤᠯᠬᠤ᠂ ᠭᠠᠮᠰᠢᠭ ᠤᠨ ᠬᠤᠬᠢᠷᠠᠯ ᠢ | ᠪᠠᠭᠠᠰᠬᠠᠬᠤ ᠠᠴᠠ ᠭᠠᠮᠰᠢᠭ ᠤᠨ ᠠᠶᠤᠯ ᠢ ᠪᠠᠭᠠᠰᠬᠠᠬᠤ ᠲᠡᠰᠢ ᠬᠤᠪᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠬᠢᠷᠢ ᠬᠡᠮᠵᠢᠶ᠎ᠡ ᠪᠣᠯᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠨ ᠭᠠᠮᠰᠢᠭ ᠠᠴᠠ | ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠣᠨᠴᠠ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠨ᠎ᠠ᠃ ᠬᠤᠶᠠᠷ ᠲᠤ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠷᠠᠳ ᠣᠯᠠᠨ ᠤ | ᠠᠮᠢ ᠨᠠᠰᠤᠨ ᠤ ᠠᠮᠤᠷ ᠲᠥᠪᠰᠢᠨ ᠢ ᠦᠨᠡᠨᠬᠦ ᠪᠠᠲᠤᠯᠠᠬᠤ ᠶᠠᠪᠤᠳᠠᠯ ᠢ ᠲᠡᠷᠢᠭᠦᠨ ᠪᠠᠶᠢᠷᠢᠨ ᠳᠤ ᠲᠠᠯᠪᠢᠵᠤ᠂ | ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠪᠠᠲᠤᠯᠠᠵᠤ᠂ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠤᠨ ᠰᠣᠷᠢᠯᠲᠠ ᠶᠢ ᠴᠢᠩᠭᠠᠳᠬᠠᠵᠤ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠤᠬᠠᠮᠰᠠᠷ ᠢ ᠴᠢᠩᠭᠠᠳᠬᠠᠵᠤ᠂ ᠣᠯᠠᠨ ᠨᠡᠶᠢᠲᠡ ᠶᠢᠨ ᠭᠠᠮᠰᠢᠭ ᠤᠨ ᠲᠤᠬᠠᠢ ᠮᠡᠳᠡᠯᠭᠡ ᠶᠢ | ᠲᠦᠭᠡᠮᠡᠯᠵᠢᠭᠦᠯᠬᠦ ᠪᠣᠯᠤᠨ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ᠃ ᠬᠥᠮᠦᠨ | ᠠᠮᠠ ᠶᠢᠨ ᠦᠬᠦᠯ ᠰᠢᠷᠬᠠᠲᠤᠯ ᠪᠠ ᠡᠳ᠋ ᠬᠦᠷᠦᠩᠭᠡ ᠶᠢᠨ ᠬᠤᠬᠢᠷᠠᠯ ᠢ ᠦᠨᠡᠨ ᠬᠦ ᠪᠠᠭᠠᠰᠬᠠᠨ᠎ᠠ᠃ ᠭᠤᠷᠪᠠ ᠳᠤ ᠠᠮᠤᠷ | ᠲᠦᠪᠰᠢᠨ ᠬᠥᠭᠵᠢᠯᠲᠡ ᠶᠢᠨ ᠤᠬᠠᠭᠳᠠᠬᠤᠨ ᠢ ᠪᠠᠳᠤ ᠪᠤᠢ ᠪᠤᠯᠭᠠᠵᠤ᠂ ᠠᠮᠢ ᠨᠠᠰᠤ ᠶᠢ ᠴᠢᠬᠤᠯᠠ ᠪᠣᠯᠭᠠᠵᠤ᠂ ᠠᠮᠤᠷ | ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠶᠤᠯᠭᠦᠶ ᠦᠶ᠋ᠯᠡᠳᠪᠦᠷᠢᠯᠡᠯ ᠤᠨ ᠬᠠᠷᠢᠭᠤᠴᠠᠯᠭ᠎ᠠ ᠶᠢᠨ | ᠲᠦᠷᠢᠮ ᠢ ᠲᠡᠭᠦᠯᠳᠡᠷᠵᠢᠭᠦᠯᠵᠦ᠂ ᠣᠨᠴᠠ ᠶᠡᠭᠡ ᠠᠮᠤᠷ ᠲᠥᠪᠰᠢᠨ ᠤ ᠬᠡᠷᠡᠭ ᠠᠳᠡᠯ ᠭᠠᠷᠬᠤ ᠶᠢ ᠡᠷᠡᠰ ᠬᠤᠷᠢᠭᠯᠠᠨ᠎ᠠ | ᠃ | |