ᠬᠠᠷᠠᠴᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠪᠠᠶᠢᠭᠤᠯᠤᠮᠵᠢ ᠶᠢᠨ ᠡᠭᠦᠷᠭᠡ ᠴᠢᠳᠠᠪᠬᠢ
ᠨᠡᠶᠢᠲᠡᠯᠡᠭᠰᠡᠨ ᠴᠠᠭ᠄
2020/7/7
ᠪᠠᠶᠢᠭᠤᠯᠤᠮᠵᠢ ᠶᠢᠨ ᠨᠡᠷᠡᠶᠢᠳᠦᠯ᠄ ᠬᠠᠷᠠᠴᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠᠪᠠᠶᠢᠭᠤᠯᠤᠮᠵᠢ ᠶᠢᠨ ᠰᠢᠨᠵᠢ ᠴᠢᠨᠠᠷ᠄ ᠵᠠᠰᠠᠭ ᠵᠠᠬᠢᠷᠭᠠᠨ ᠤ ᠨᠢᠭᠡᠴᠡᠠᠵᠢᠯᠯᠠᠬᠤ ᠬᠠᠶ᠋ᠢᠭ᠄ ᠾᠧᠨᠠᠨ ᠵᠡᠭᠡᠯᠢ ᠶᠢᠨ ᠶᠢᠨ ᠴᠢᠶᠣᠤ ᠵᠠᠮ ᠤᠨ 25 ᠳ᠋ᠤᠭᠠᠷ ᠨᠣᠮᠧᠷᠬᠠᠷᠢᠯᠴᠠᠬᠤ ᠤᠲᠠᠰᠤ᠄ 0476 — 3772283ᠡᠭᠦᠷᠭᠡ ᠬᠠᠷᠢᠭᠤᠴᠠᠯᠭ᠎ᠠ᠄︵ᠨᠢᠭᠡ︶ ᠪᠥᠬᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠴᠢᠨᠠᠷᠲᠠᠶ ᠬᠠᠮᠢᠶ᠎ᠠ ᠪᠦᠬᠦᠢ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠢ ᠲᠤᠭᠤᠷᠪᠢᠬᠤ ᠶᠢ ᠬᠠᠷᠢᠭᠤᠴᠠᠨ᠎ᠠ︔ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠰᠠᠭᠤᠳᠠᠯ ᠤᠨ ᠲᠤᠬᠠᠢ ᠲᠥᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠪᠦᠬᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠬᠤᠶᠠᠷ︶ ᠪᠦᠬᠦ ᠬᠤᠰᠢᠭᠤᠨ ᠤ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠳᠤᠯᠠᠭᠠᠨ ᠤ ᠠᠵᠢᠯ ᠢ ᠡᠭᠦᠷᠭᠡᠯᠡᠨ᠎ᠡ᠃ ᠪᠥᠬᠦ ᠬᠤᠰᠢᠭᠤᠨ ᠤ ᠣᠷᠣᠨ ᠰᠠᠭᠤᠴᠠ ᠶᠢᠨ ᠪᠠᠳᠤᠯᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ  ᠲᠥᠯᠥᠪᠡᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠥᠪ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠪᠣᠯᠤᠨ ᠬᠤᠰᠢᠭᠤᠨ ᠤ ᠵᠠᠰᠠᠭ ᠤᠨ ᠣᠷᠳᠣᠨ ᠤ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠪᠡᠯᠡ ᠮᠥᠩᠭᠦ ᠶᠢ ᠲᠣᠬᠢᠷᠠᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢ ᠡᠭᠦᠷᠭᠡᠯᠡᠵᠦ᠂ ᠣᠯᠠᠨ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠳᠦᠷᠢᠶᠡᠰᠦᠯᠡᠬᠦ  ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠪᠠᠶᠢᠭᠤᠯᠬᠤ ᠶᠢ ᠠᠬᠢᠭᠤᠯᠤᠨ᠎ᠠ᠃︵ᠭᠤᠷᠪᠠ︶ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ᠂ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ︔ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ᠂ ᠭᠡᠷ ᠪᠠᠶᠢᠰᠢᠩ ᠲᠦᠷᠢᠶᠡᠰᠦᠯᠡᠬᠦ᠂ ᠠᠳᠠᠯ ᠠᠬᠤᠢ ᠶᠢᠨ ᠬᠠᠮᠢᠶᠠᠷᠤᠯᠲᠠ᠂ ᠭᠡᠷ ᠪᠠᠶᠢᠰᠢᠩ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠣᠷᠣᠨ ᠰᠠᠭᠤᠴᠠ ᠶᠢᠨ ᠳᠦᠷᠢᠮ ᠤᠨ  ᠥᠭᠡᠷᠡᠴᠢᠯᠡᠯᠲᠡ ᠶᠢ ᠬᠠᠷᠢᠭᠤᠴᠠᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠡ ᠠᠰᠢᠭᠯᠠᠯᠳᠠ ᠬᠢᠵᠦ ᠪᠦᠲᠦᠭᠡᠨ ᠪᠠᠶᠢᠭᠤᠯᠬᠤ ᠬᠠᠮᠢᠶᠠᠷᠤᠯᠲᠠ ᠪᠣᠯᠤᠨ ᠨᠡᠬᠡᠭᠡᠡ ᠠᠰᠢᠭᠯᠠᠯᠳᠠ ᠬᠢᠬᠦ ᠠᠵᠤ ᠠᠬᠤᠶᠢᠯᠠᠯ ᠤᠨ ᠬᠢᠷᠢ ᠭᠡᠮ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠰᠢᠭᠤᠨ ᠤ ᠬᠤᠲᠠ ᠲᠣᠭᠤᠷᠢᠭ ᠤᠨ ᠤᠯᠤᠰ ᠤᠨ ᠥᠮᠴᠢᠯᠡᠯᠳᠦ ᠭᠠᠵᠠᠷ ᠰᠢᠷᠣᠢ ᠳᠡᠭᠡᠷᠡᠬᠢ ᠭᠡᠷ ᠪᠠᠢᠰᠢᠩ ᠢ ᠲᠠᠳᠠᠪᠣᠷᠢᠯᠠᠨ ᠠᠵᠢᠯ ᠢ ᠬᠠᠮᠢᠶᠠᠷᠤᠨ ᠬᠠᠷᠢᠭᠤᠴᠠᠨ᠎ᠠ᠃ ᠪᠥᠬᠦ ᠬᠤᠰᠢᠭᠤᠨ ᠤ ᠠᠳᠠᠯ ᠠᠬᠤᠶ ᠶᠢᠨ ᠬᠠᠮᠢᠶᠠᠷᠤᠯᠲᠠ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠰᠠᠭᠤᠷᠢ ᠮᠥᠩᠭᠦ ᠶᠢ ᠬᠤᠷᠢᠶᠠᠨ ᠠᠪᠬᠤ᠂ ᠬᠡᠷᠡᠭᠯᠡᠬᠦ᠂ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ︔ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠪᠣᠯᠤᠨ ᠭᠡᠷ  ᠪᠠᠶᠢᠰᠢᠩ ᠊ ᠲᠦᠷᠢᠶᠡᠰᠦᠯᠡᠬᠦ ᠠᠵᠢᠯ ᠢ ᠬᠠᠷᠢᠭᠤᠴᠠᠨ᠎ᠠ᠃︵ᠳᠥᠷᠪᠡ︶ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠢ ᠲᠤᠭᠤᠷᠪᠢᠨ ᠲᠣᠭᠲᠠᠭᠠᠵᠤ᠂ ᠪᠠᠷᠢᠯᠭ᠎ᠠ ᠶᠢᠨ ᠠᠶᠤᠯᠭᠦᠶ ᠦᠢᠯᠡᠳᠪᠦᠷᠢᠯᠡᠯ ᠪᠠ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠲᠦᠷᠦ ᠶᠢᠨ ᠪᠤᠳᠦᠯᠭ᠎ᠠ᠂ ᠲᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠥᠪᠰᠢᠨ ᠤ ᠬᠦᠨᠳᠦ ᠶᠡᠭᠡ ᠭᠡᠨᠡᠳᠡᠯ ᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠬᠤ ᠪᠤᠶᠤ ᠣᠷᠣᠯᠴᠠᠨ᠎ᠠ᠃ ᠪᠠᠷᠢᠯᠭ᠎ᠠ ᠶᠢᠨ ᠦᠢᠯᠡᠰ᠂ ᠪᠠᠷᠢᠯᠭ᠎ᠠ ᠶᠢᠨ  ᠵᠢᠷᠤᠭᠯᠠᠨ ᠲᠥᠯᠥᠪᠯᠡᠬᠦ ᠶᠢᠨ ᠯᠠᠪᠯᠠᠯᠭ᠎ᠠ ᠥᠭᠬᠦ ᠠᠵᠢᠯ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ  ᠵᠢᠯᠤᠭᠤᠳᠤᠨ ᠬᠡᠷᠡᠭᠵᠢᠭᠦᠯᠬᠦ ᠬᠡᠷᠡᠭᠲᠡᠶ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠲᠣᠷᠭᠠᠭᠤᠯᠢ ᠬᠡᠷᠡᠭᠵᠢᠭᠦᠯᠦᠨ᠎ᠡ︔ ᠪᠠᠷᠢᠯᠭ᠎ᠠ ᠶᠢᠨ ᠲᠥᠷᠥᠯ ᠵᠦᠶ᠋ᠯ ᠤᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠯᠦᠭᠡ ᠬᠤᠯᠪᠣᠭᠳᠠᠬᠤ  ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠬᠠᠤᠯᠢ ᠶᠣᠰᠣᠭᠠᠷ ᠰᠢᠢᠳᠪᠦᠷᠢᠯᠡᠨ᠎ᠡ᠃︵ᠲᠠᠪᠤ︶ ᠡᠯ᠎ᠡ ᠲᠥᠷᠥᠯ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠣᠭᠲᠠᠭᠰᠠᠨ ᠨᠣᠷᠮ᠎ᠠ ᠶᠢ ᠬᠡᠷᠡᠭᠵᠢᠭᠦᠯᠬᠦ ᠪᠠ ᠪᠠᠷᠢᠯᠭ᠎ᠠ ᠶᠢᠨ ᠦᠨ᠎ᠡ ᠶᠢ ᠪᠤᠳᠤᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠠᠷᠢᠯᠭ᠎ᠠ ᠶᠢᠨ ᠦᠨ᠎ᠡ ᠶᠢᠨ ᠮᠡᠳᠡᠭᠡ ᠵᠠᠩᠭᠢ ᠶᠢ ᠴᠤᠭᠯᠠᠭᠤᠯᠤᠨ ᠡᠮᠬᠢᠯᠡᠬᠦ ᠶᠢ ᠬᠠᠷᠢᠭᠤᠴᠠᠨ᠎ᠠ᠃ ᠪᠠᠶᠢᠭᠤᠯᠤᠭᠰᠠᠨ‌ᠦᠨ᠎ᠡ ᠶᠢᠨ ᠯᠠᠪᠯᠠᠯᠭ᠎ᠠ ᠥᠭᠬᠦ ᠠᠵᠤ ᠠᠬᠤᠶᠢᠯᠠᠯ ᠪᠣᠯᠤᠨ ᠠᠵᠢᠯ ᠡᠷᠬᠢᠯᠡᠬᠦ ᠬᠥᠮᠦᠰ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃︵ᠵᠢᠷᠭᠤᠭ᠎ᠠ︶ ᠪᠠᠷᠢᠯᠭ᠎ᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠠᠵᠢᠯᠯᠠᠭ᠎ᠠ ᠶᠢ ᠳᠦᠷᠢᠮᠵᠢᠭᠦᠯᠬᠦ ᠬᠡᠷᠡᠭᠲᠡᠶ᠃ ᠪᠦᠬᠦ ᠬᠤᠲᠠ ᠶᠢᠨ ᠪᠠᠷᠢᠯᠭ᠎ᠠ ᠶᠢᠨ ᠵᠠᠬ᠎ᠠ ᠳᠡᠯᠭᠡᠭᠦᠷ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠣᠯᠤᠨ ᠪᠥᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠦᠢᠯᠡᠰ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠦᠢᠯᠡᠰ᠂ ᠪᠠᠷᠢᠯᠭ᠎ᠠ ᠶᠢᠨ ᠬᠢᠨᠠᠨ ᠬᠠᠮᠢᠶᠠᠷᠴᠤ ᠯᠠᠪᠯᠠᠯᠭ᠎ᠠ ᠥᠭᠬᠦ ᠦᠢᠯᠡᠰ ᠤᠨ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠤᠨ᠎ᠠ᠃ ᠬᠠᠮᠢᠶ᠎ᠠ ᠪᠦᠬᠦᠢ ᠠᠵᠤ ᠠᠬᠤᠶᠢᠯᠠᠯ᠂ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠭᠡᠷ ᠪᠠᠶᠢᠰᠢᠩ ᠤᠨ ᠪᠠᠷᠢᠯᠭ᠎ᠠ ᠪᠣᠯᠤᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠠᠷᠢᠯᠭ᠎ᠠ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠬᠤ ᠪᠠ ᠵᠣᠬᠢᠴᠠᠭᠤᠯᠵᠤ ᠭᠠᠳᠠᠭᠰᠢ ᠳᠠᠭᠠᠭᠠᠴᠢᠯᠠᠭᠤᠯᠬᠤ᠂ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ  ᠬᠠᠮᠵᠢᠯᠴᠠᠭ᠎ᠠ ᠶᠢ ᠵᠢᠯᠤᠭᠤᠳᠤᠨ ᠵᠤᠬᠢᠴᠠᠭᠤᠯᠤᠨ᠎ᠠ᠃︵ᠳᠣᠯᠤᠭ᠎ᠠ︶ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠪᠥᠬᠦ ᠬᠤᠰᠢᠭᠤᠨ ᠤ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠰᠠᠭᠤᠷᠢ ᠲᠥᠬᠦᠭᠡᠷᠦᠮᠵᠢ ᠶᠢᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠲᠦᠷᠢᠮ ᠲᠣᠭᠲᠠᠭᠠᠯ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ︔ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ  ᠳᠥᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ᠂ ᠠᠵᠢᠯᠯᠠᠭᠠᠨ ᠤ ᠠᠮᠤᠷ ᠲᠦᠪᠰᠢᠨ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃︵ᠨᠠᠢᠮᠠ︶  ᠪᠠᠯᠭᠠᠰᠤ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠪᠦᠬᠦ ᠬᠤᠰᠢᠭᠤᠨ ᠤ ᠠᠶᠢᠯ ᠲᠣᠰᠬᠤᠨ ᠢ ᠴᠡᠭᠴᠡᠯᠡᠨ ᠵᠠᠰᠠᠬᠤ ᠪᠠ ᠵᠢᠵᠢᠭ ᠬᠤᠲᠠ ᠪᠠᠯᠭᠠᠰᠤ ᠶᠢ ᠪᠦᠲᠦᠭᠡᠨ ᠪᠠᠶᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠠᠷᠢᠭᠤᠴᠠᠨ ᠲᠣᠭᠲᠠᠭᠠᠨ᠎ᠠ᠃ ᠪᠦᠬᠦ ᠬᠤᠰᠢᠭᠤᠨ ᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠪᠠᠯᠭᠠᠰᠤ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠨᠤᠷᠠᠬᠤ ᠠᠶᠤᠯᠲᠠᠢ ᠭᠡᠷ ᠪᠠᠢᠰᠢᠩ ᠢ ᠰᠢᠨᠡᠳᠬᠡᠨ ᠵᠠᠰᠠᠬᠤ ᠠᠵᠢᠯ ᠢ ᠵᠢᠯᠣᠭᠤᠳᠤᠨ᠎ᠠ᠃ ᠲᠡᠤᠬᠡ ᠰᠣᠶᠣᠯ ᠤᠨ ᠨᠡᠷᠡᠲᠦ ᠪᠠᠯᠭᠠᠰᠤ ︵ᠲᠣᠰᠬᠤᠨ︶ ᠪᠣᠯᠤᠨ ᠣᠨᠴᠠᠯᠢᠭᠲᠤ ᠦᠵᠡᠮᠵᠢ ᠶᠢᠨ ᠵᠢᠭᠤᠯᠴᠢᠯᠠᠯ ᠤᠨ ᠨᠡᠷᠡᠲᠤ  ᠪᠠᠯᠭᠠᠰᠤ ︵ᠲᠣᠰᠬᠤᠨ︶ ᠶᠢ ᠬᠠᠮᠠᠭᠠᠯᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠵᠢᠯᠣᠭᠤᠳᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠭᠤᠤᠯᠳᠠᠯᠭ᠎ᠠ ᠲᠠᠢ ᠪᠠᠯᠭᠠᠰᠤ᠂ ᠣᠨᠴᠠᠯᠢᠭᠲᠤ ᠪᠠᠯᠭᠠᠰᠤ ︵ᠲᠣᠰᠬᠤᠨ︶ ᠶᠢ ᠪᠠᠶᠢᠭᠤᠯᠬᠤ ᠶᠢ ᠵᠢᠯᠤᠭᠤᠳᠤᠬᠤ ᠶᠢᠨ ᠬᠠᠮᠲᠤ ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠤᠨ᠎ᠠ᠃︵ᠶᠢᠰᠦ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠤᠯᠪᠣᠭᠳᠠᠯ ᠪᠥᠬᠦᠶ ᠴᠢᠭᠯᠡᠯᠲᠡ᠂ ᠲᠥᠷᠥ ᠶᠢᠨ  ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ︔ ᠪᠦᠬᠦ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠪᠡ᠂ ᠲᠥᠯᠥᠪᠯᠡᠭᠡ ᠶᠢ ᠲᠣᠭᠲᠠᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠬᠢᠭᠡᠳ ᠬᠤᠲᠠ ᠶᠢᠨ ᠪᠦᠲᠦᠭᠡᠨ ᠪᠠᠶᠢᠭᠤᠯᠤᠯᠲᠠ ᠶᠢ ᠬᠠᠷᠢᠯᠴᠠᠨ ᠤᠶᠠᠯᠳᠤᠭᠤᠯᠤᠭᠰᠠᠨ ᠲᠥᠯᠥᠪᠵᠢᠭᠦᠯᠭᠡ ᠶᠢ ᠲᠣᠭᠲᠠᠭᠠᠵᠤ᠂ ᠬᠤᠲᠠ ᠪᠣᠯᠤᠨ ᠠᠵᠤ ᠠᠬᠤᠢ ᠶᠢᠨ ᠬᠠᠷᠠᠯᠲᠠ ᠲᠠᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ  ᠪᠥᠲᠦᠭᠡᠨ ᠪᠠᠶᠢᠭᠤᠯᠤᠯᠲᠠ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠬᠢᠨᠠᠨ ᠵᠥᠪᠰᠢᠶᠡᠷᠡᠬᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠣᠰᠣᠳ ᠭᠠᠵᠠᠷ ᠪᠠᠶᠢᠭᠤᠯᠬᠤ ᠵᠠᠷᠤᠳᠠᠯ ᠲᠠᠲᠠᠪᠤᠷᠢᠯᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠬᠠᠭᠤᠯᠭ᠎ᠠ ᠬᠥᠮᠦᠵᠢᠯ ᠵᠡᠷᠭᠡ ᠠᠵᠢᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠠᠭᠠᠷ ᠤᠨ ᠰᠡᠷᠭᠡᠶᠢᠯᠡᠯᠲᠡ ᠶᠢᠨ ᠳᠠᠭᠠᠷᠢᠯᠲᠠ ᠶᠢᠨ ᠲᠥᠰᠦᠯ ᠢ ᠲᠣᠭᠲᠠᠭᠠᠬᠤ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠤᠰᠬᠠᠶ ᠡᠩᠨᠡᠭᠡ ᠶᠢ ᠵᠣᠬᠢᠶᠠᠨ ᠪᠠᠶᠢᠭᠤᠯᠤᠨ᠎ᠠ᠃ ᠬᠤᠰᠢᠭᠤ ᠬᠤᠲᠠ ᠶᠢᠨ ᠠᠭᠠᠷ ᠤᠨ ᠰᠡᠷᠭᠡᠶᠢᠯᠡᠯᠲᠡ ᠶᠢᠨ ᠴᠢᠬᠤᠯᠠ ᠠᠵᠤ ᠠᠬᠤᠶ ᠶᠢᠨ ᠬᠠᠷᠠᠯᠲᠠ ᠶᠢ ᠲᠤᠭᠤᠷᠪᠢᠨ ᠲᠣᠭᠲᠠᠭᠠᠬᠤ ᠵᠡᠷᠭᠡ ᠪᠣᠯᠤᠨ᠎ᠠ᠃︵ᠠᠷᠪᠠ︶ ᠪᠦᠬᠦ ᠬᠤᠰᠢᠭᠤᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠠᠵᠢᠯ ᠢ ᠵᠢᠯᠣᠭᠤᠳᠤᠨ᠎ᠠ᠃ ᠪᠦᠬᠦ ᠬᠤᠰᠢᠭᠤᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠣᠬᠢᠷᠲᠤᠯ ᠥᠬᠡᠶ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃︵ᠠᠷᠪᠠᠨ ᠨᠢᠭᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠠᠶᠤᠯ ᠥᠬᠡᠶ ᠦᠶ᠋ᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃︵ᠠᠷᠪᠠᠨ ᠬᠤᠶᠠᠷ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃        
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号