ᠬᠠᠷᠠᠴᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠶᠢᠭᠤᠯᠤᠮᠵᠢ ᠶᠢᠨ ᠡᠭᠦᠷᠭᠡ ᠴᠢᠳᠠᠪᠬᠢ
ᠨᠡᠶᠢᠲᠡᠯᠡᠭᠰᠡᠨ ᠴᠠᠭ᠄
2020/7/7
  ᠪᠠᠶᠢᠭᠤᠯᠤᠮᠵᠢ ᠶᠢᠨ ᠨᠡᠷᠡᠶᠢᠳᠦᠯ᠄ ᠬᠠᠷᠠᠴᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯᠪᠠᠶᠢᠭᠤᠯᠤᠮᠵᠢ ᠶᠢᠨ ᠰᠢᠨᠵᠢ ᠴᠢᠨᠠᠷ᠄ ᠵᠠᠰᠠᠭ ᠵᠠᠬᠢᠷᠭᠠᠨ ᠤ ᠨᠢᠭᠡᠴᠡᠠᠵᠢᠯᠯᠠᠬᠤ ᠭᠠᠵᠠᠷ᠄ ᠬᠠᠷᠠᠴᠢᠨ ᠬᠤᠰᠢᠭᠤᠨ ᠤ ᠵᠢᠨᠱᠠᠨ ᠪᠠᠯᠭᠠᠰᠤᠨ ᠤ ᠵᠢᠨᠨᠠᠨ ᠶᠡᠭᠡ ᠵᠡᠭᠡᠯᠢ ᠶᠢᠨ 167 ᠳ᠋ᠤᠭᠠᠷ ᠨᠣᠮᠧᠷᠬᠠᠷᠢᠯᠴᠠᠬᠤ ᠤᠲᠠᠰᠤ᠄ 0476 — 3752274ᠡᠭᠦᠷᠭᠡ ᠬᠠᠷᠢᠭᠤᠴᠠᠯᠭ᠎ᠠ᠄1᠂ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠤᠯᠢ ᠴᠠᠭᠠᠵᠠ ᠬᠠᠤᠯᠢ ᠲᠦᠷᠢᠮ ᠪᠠ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠤᠯᠪᠣᠭᠳᠠᠯ ᠪᠥᠬᠦᠶ ᠲᠥᠷᠥ ᠶᠢᠨ ᠪᠣᠳᠤᠯᠭ᠎ᠠ᠂ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠯᠥᠪᠵᠢᠭᠦᠯᠭᠡ ᠶᠢ ᠲᠣᠭᠤᠷᠪᠢᠨ ᠵᠣᠬᠢᠶᠠᠬᠤ ᠪᠠ ᠬᠡᠷᠡᠭᠵᠢᠭᠦᠯᠬᠦ ᠶᠢ ᠵᠢᠯᠣᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ  ᠪᠣᠯᠭᠠᠬᠤ᠂ ᠲᠦᠭᠡᠮᠡᠯ ᠬᠠᠷᠠᠭᠠᠯᠵᠠᠯ ᠦᠵᠡᠭᠦᠯᠬᠦ᠂ ᠳᠥᠭᠦᠮ ᠳᠥᠲᠡ ᠪᠣᠯᠭᠠᠬᠤ ᠪᠠ ᠣᠯᠠᠨ ᠨᠡᠶᠢᠲᠡ ᠶᠢᠨ ᠡᠬᠢ  ᠪᠠᠶᠠᠯᠢᠭ ᠢ ᠦᠨᠳᠦᠰᠦᠨ ᠱᠠᠲᠤ ᠲᠡᠰᠢ ᠤᠷᠳᠤᠳᠬᠠᠬᠤ ᠶᠢ ᠲᠦᠯᠬᠢᠨ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃2 . ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ ᠂ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠶᠠᠨ ᠪᠠᠶᠢᠭᠤᠯᠵᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠠᠬᠢᠭᠤᠯᠵᠤ᠂ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠭᠤᠤᠯ ᠴᠣᠭᠴᠠ ᠣᠯᠠᠨ ᠡᠰᠢᠵᠢᠭᠰᠡᠨ᠂ ᠬᠠᠩᠭᠠᠬᠤ ᠠᠷᠭ᠎ᠠ ᠮᠠᠶ᠋ᠢᠭ ᠤᠨ ᠣᠯᠠᠨ ᠶᠠᠩᠵᠤᠴᠢᠯᠠᠭᠰᠠᠨ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠡᠮᠴᠢᠯᠡᠭᠡ ᠶᠢᠨ ᠦᠢᠯᠡᠴᠢᠯᠡᠭᠡ ᠪᠠ ᠡᠮ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃3. ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠯᠥᠪᠵᠢᠭᠦᠯᠭᠡ ᠵᠢᠴᠢ ᠠᠷᠠᠳ ᠲᠦᠮᠡᠨ ᠤ ᠡᠷᠡᠭᠦᠯ ᠮᠡᠨᠳᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠳᠤ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠬᠤ ᠠᠰᠠᠭᠤᠳᠠᠯ ᠢ  ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠤᠯᠤᠰ ᠤᠨ ᠦᠯᠦ ᠬᠠᠯᠳᠠᠭᠠᠬᠤ ᠲᠥᠯᠥᠪᠵᠢᠭᠦᠯᠭᠡ ᠶᠢ ᠬᠡᠷᠡᠭᠵᠢᠭᠦᠯᠵᠦ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠵᠤ᠂ ᠭᠡᠨᠡᠳᠲᠡ ᠶᠢᠨ ᠴᠢᠨᠠᠷᠲᠠᠢ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠴᠢᠷ ᠭᠠᠷᠬᠤ ᠠᠴᠠ ᠰᠡᠷᠭᠡᠶᠢᠯᠡᠬᠦ ᠪᠠ ᠡᠯ᠎ᠡ ᠲᠥᠷᠥᠯ ᠤᠨ ᠣᠯᠠᠨ ᠲᠥᠮᠡᠨᠴᠢ ᠴᠢᠨᠠᠷ ᠲᠠᠢ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠪᠤᠷᠠᠨ ᠲᠤᠰᠠᠯᠠᠬᠤ ᠠᠵᠢᠯ ᠢ ᠵᠢᠯᠤᠭᠤᠳᠤᠨ᠎ᠠ᠃ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ  ᠶᠢ ᠬᠢᠨᠠᠨ ᠰᠢᠯᠭᠠᠵᠤ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃4. ᠬᠥᠮᠦᠨ ᠠᠮᠠ ᠶᠢᠨ ᠨᠠᠰᠤᠵᠢᠯᠲᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠨᠠᠢᠳᠠᠪᠤᠷᠢᠵᠢᠭᠤᠯᠬᠤ᠂ ᠪᠦᠬᠦ ᠬᠤᠰᠢᠭᠤᠨ ᠤ  ᠨᠠᠰᠤᠲᠠᠶᠢᠴᠤᠳ ᠤᠨ ᠡᠷᠡᠭᠦᠯ ᠮᠡᠨᠳᠦ ᠶᠢᠨ  ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠣᠯᠤᠨ ᠡᠮᠴᠢᠯᠡᠭᠡ  ᠪᠠ ᠠᠰᠠᠷᠠᠮᠵᠢ ᠶᠢ ᠤᠶᠠᠯᠳᠤᠭᠤᠯᠬᠤ ᠠᠵᠢᠯ ᠢ ᠬᠠᠷᠢᠭᠤᠴᠠᠨ ᠠᠬᠢᠭᠤᠯᠤᠨ᠎ᠠ᠃5. ᠤᠯᠤᠰ ᠤᠨ ᠡᠮ ᠤᠨ ᠲᠥᠷᠥ ᠶᠢᠨ ᠪᠣᠳᠣᠯᠭ᠎ᠠ ᠪᠣᠯᠤᠨ ᠦᠨᠳᠦᠰᠦᠨ ᠡᠮ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃6. ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠤᠨ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ  ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠡᠷᠡᠭᠦᠯ ᠬᠠᠮᠠᠭᠠᠯᠠᠯ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠵᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠲᠠᠮᠠᠬᠢ ᠶᠢ ᠬᠢᠵᠠᠭᠠᠷᠯᠠᠬᠤ  ᠨᠡᠶᠢᠲᠡ ᠶᠢᠨ ᠭᠡᠷ᠎ᠡ︾ ᠶᠢ  ᠭᠦᠢᠴᠡᠸ᠋ᠳᠭᠡᠬᠦ ᠠᠵᠢᠯ ᠢ ᠭᠠᠷᠳᠠᠨ ᠭᠦᠶ᠋ᠴᠡᠳᠬᠡᠨ᠎ᠡ᠃7. ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠦᠢᠯᠡᠴᠢᠯᠡᠭᠡᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠢ  ᠦᠨᠡᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠰᠢᠰᠲ᠋ᠧᠮ ᠢ ᠪᠠᠶᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠬᠢᠷᠢ ᠭᠡᠮ ᠤᠨ ᠪᠠᠷᠢᠮᠵᠢᠶ᠎ᠠ ᠶᠢ ᠲᠣᠭᠲᠠᠭᠠᠨ ᠬᠡᠷᠡᠭᠵᠢᠭᠦᠯᠤᠨ᠎ᠠ᠃ ᠡᠮᠴᠢᠯᠡᠭᠡ ᠶᠢᠨ ᠦᠢᠯᠡᠴᠢᠯᠡᠭᠡᠨ ᠤ ᠳᠦᠷᠢᠮᠵᠢᠯ᠂ ᠪᠠᠷᠢᠮᠵᠢᠶ᠎ᠠ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠡᠷᠬᠢᠯᠡᠬᠦ ᠳᠦᠷᠢᠮ᠂ ᠦᠢᠯᠡᠴᠢᠯᠡᠭᠡᠨ ᠤ ᠳᠦᠷᠢᠮᠵᠢᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃8. ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠬᠥᠮᠦᠨ ᠠᠮᠠ ᠶᠢᠨ ᠲᠤᠭ᠎ᠠ ᠶᠢᠨ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠵᠦ᠂ ᠬᠥᠮᠦᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ ᠂ ᠣᠷᠣᠨ ᠨᠤᠲᠤᠭ ᠤᠨ ᠲᠥᠯᠥᠪᠯᠡᠭᠡᠲᠦ ᠦᠷᠡᠵᠢᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠬᠥᠮᠦᠨ ᠠᠮᠠ ᠶᠢᠨ ᠲᠤᠭ᠎ᠠ ᠶᠢ ᠬᠢᠨᠠᠨ ᠰᠢᠯᠭᠠᠵᠤ ᠰᠡᠷᠡᠮᠵᠢᠯᠡᠭᠦᠯᠬᠦ ᠠᠵᠢᠯ ᠢ ᠬᠠᠷᠢᠭᠤᠴᠠᠨ ᠥᠷᠨᠢᠭᠦᠯᠵᠦ᠂ ᠦᠷᠡᠵᠢᠯ ᠤᠨ ᠲᠥᠷᠥ ᠶᠢᠨ ᠪᠣᠳᠣᠯᠭ᠎ᠠ ᠲᠣᠭᠲᠠᠭᠠᠵᠤ᠂ ᠦᠷᠡᠵᠢᠯ ᠤᠨ ᠬᠠᠮᠢᠶ᠎ᠠ ᠲᠠᠢ ᠬᠥᠮᠦᠨ ᠠᠮᠠ ᠶᠢᠨ ᠲᠤᠭ᠎ᠠ ᠬᠡᠮᠵᠢᠶ᠎ᠡ᠂ ᠬᠡᠪ ᠴᠢᠨᠠᠷ᠂ ᠪᠦᠲᠦᠴᠡ᠂ ᠲᠠᠷᠬᠠᠯᠲᠠ ᠶᠢᠨ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠷᠡᠵᠢᠯ ᠤᠨ ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠠᠵᠤ ᠠᠬᠤᠶ ᠨᠡᠶᠢᠭᠡᠮ ᠤᠨ ᠲᠥᠷᠥ ᠶᠢᠨ ᠪᠣᠳᠣᠯᠭ᠎ᠠ ᠶᠢᠨ ᠢᠵᠢ ᠪᠦᠷᠢᠳᠦᠭᠦᠯᠦᠨ ᠵᠣᠯᠭᠠᠭᠤᠯᠬᠤ ᠶᠢ ᠠᠬᠢᠭᠤᠯᠵᠤ᠂ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠬᠤᠰᠢᠭᠤᠨ ᠤ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠳᠠᠬᠢ ᠬᠤᠯᠪᠣᠭᠳᠠᠯ ᠪᠦᠬᠦᠢ ᠡᠭᠦᠷᠭᠡ ᠶᠢ ᠨᠠᠶᠢᠳᠠᠪᠤᠷᠢᠵᠢᠭᠤᠯᠤᠨ᠎ᠠ᠃9. ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡ ᠵᠢᠨ‌‍ᠰᠢᠰᠲ᠋ᠧᠮ ᠪᠣᠯᠤᠨ ᠶᠡᠷᠦᠩᠬᠡᠶ ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠴᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ  ᠶᠢ ᠠᠬᠢᠭᠤᠯᠤᠨ᠎ᠠ᠃10. ᠮᠣᠩᠭᠤᠯ ᠬᠢᠲᠠᠳ ᠡᠮ ᠡᠮᠨᠡᠯᠭᠡ ᠶᠢᠨ᠂ ᠡᠷᠡᠭᠦᠯᠵᠢᠯ᠂ ᠰᠤᠷᠭᠠᠨ ᠬᠥᠮᠦᠵᠢᠯ᠂  ᠰᠢᠨᠵᠢᠯᠡᠬᠦ ᠤᠬᠠᠭᠠᠨ ᠤ ᠰᠤᠳᠤᠯᠭᠠᠨ᠂ ᠰᠣᠶᠣᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠥᠭᠡᠷᠡᠴᠢᠯᠡᠯᠲᠡ ᠬᠥᠭᠵᠢᠯᠲᠡ ᠪᠣᠯᠤᠨ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ ᠶᠢ ᠪᠠᠲᠤᠯᠠᠨ ᠠᠬᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠠ ᠬᠥᠭᠵᠢᠭᠦᠯᠬᠦ ᠶᠢ ᠠᠬᠢᠭᠤᠯᠤᠨ᠎ᠠ᠃11. ᠴᠢᠬᠤᠯᠠ ᠬᠤᠷᠠᠯ ᠪᠣᠯᠤᠨ ᠴᠢᠬᠤᠯᠠ ᠶᠡᠭᠡ ᠠᠵᠢᠯᠯᠠᠭ᠎ᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠳᠤᠯᠠᠭᠠᠨ ᠤ ᠠᠵᠢᠯ ᠢ ᠬᠠᠷᠢᠭᠤᠴᠠᠨ᠎ᠠ᠃12. ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠬᠤ᠂ ᠡᠮᠴᠢᠯᠡᠭᠡ ᠠᠰᠠᠷᠠᠮᠵᠢ ᠶᠢ ᠤᠶᠠᠯᠳᠤᠭᠤᠯᠬᠤ ᠲᠥᠷᠥ ᠶᠢᠨ  ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠨᠠᠰᠤᠲᠠᠶᠢᠴᠤᠳ ᠤᠨ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠵᠣᠬᠢᠴᠠᠭᠤᠯᠵᠤ᠂ ᠬᠢᠨᠠᠨ ᠰᠢᠯᠭᠠᠵᠤ᠂ ᠵᠣᠬᠢᠶᠠᠨ ᠪᠠᠶᠢᠭᠤᠯᠵᠤ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠤᠨ ᠡᠮᠴᠢᠯᠡᠭᠡ ᠰᠤᠪᠢᠯᠠᠯᠲᠠ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠯᠠᠮᠵᠢᠯᠠᠬᠤ ᠦᠢᠯᠡᠴᠢᠯᠡᠭᠡ ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠡᠭᠦᠷᠭᠡᠯᠡᠨ᠎ᠡ᠃13. ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠬᠠᠷᠢᠭᠤᠴᠠᠨ᠎ᠠ᠃14. ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号