ᠬᠠᠷᠠᠴᠢᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠪᠠᠶᠢᠭᠤᠯᠤᠮᠵᠢ ᠶᠢᠨ ᠡᠭᠦᠷᠭᠡ ᠴᠢᠳᠠᠪᠬᠢ
ᠨᠡᠶᠢᠲᠡᠯᠡᠭᠰᠡᠨ ᠴᠠᠭ᠄
2020/7/7
ᠪᠠᠶᠢᠭᠤᠯᠤᠮᠵᠢ ᠶᠢᠨ ᠨᠡᠷᠡᠶᠢᠳᠦᠯ᠄ ᠬᠠᠷᠠᠴᠢᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠᠪᠠᠶᠢᠭᠤᠯᠤᠮᠵᠢ ᠶᠢᠨ ᠰᠢᠨᠵᠢ ᠴᠢᠨᠠᠷ᠄ ᠵᠠᠰᠠᠭ ᠵᠠᠬᠢᠷᠭᠠᠨ‌‍ᠤ‌ᠨᠢᠭᠡᠴᠡᠠᠵᠢᠯᠯᠠᠬᠤ ᠭᠠᠵᠠᠷ᠄ ᠬᠠᠷᠠᠴᠢᠨ ᠬᠤᠰᠢᠭᠤᠨ ᠤ ᠵᠢᠨᠱᠠᠨ ᠪᠠᠯᠭᠠᠰᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ 7 ᠳ᠋ᠤᠭᠠᠷ ᠠᠰᠠᠷᠬᠠᠷᠢᠯᠴᠠᠬᠤ ᠤᠲᠠᠰᠤ᠄ 3752073ᠡᠭᠦᠷᠭᠡ  ᠬᠠᠷᠢᠭᠤᠴᠠᠯᠭ᠎ᠠ᠄︵ᠨᠢᠭᠡ︶ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠬᠡᠷᠡᠭᠵᠢᠭᠦᠯᠵᠦ ᠪᠠᠶᠢᠭ᠎ᠠ ᠪᠠᠢᠳᠠᠯ ᠳᠤ ᠬᠢᠨᠠᠯᠲᠠ ᠪᠠᠶᠢᠴᠠᠭᠠᠯᠲᠠ ᠬᠢᠨ᠎ᠠ᠃ ᠪᠦᠬᠦ ᠬᠤᠰᠢᠭᠤᠨ ᠤ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃︵ᠬᠤᠶᠠᠷ︶ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ ᠰᠢᠰᠲ᠋ᠧᠮ ᠢ ᠲᠤᠤᠱᠯᠠᠭᠤᠯᠤᠨ ᠬᠡᠷᠡᠭᠵᠢᠭᠦᠯᠵᠦ᠂ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ ᠬᠤᠯᠪᠣᠭᠳᠠᠯ ᠪᠦᠬᠦᠢ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠤ ᠲᠣᠭᠠᠴᠠᠭ᠎ᠠ ᠬᠢᠨ᠎ᠡ᠃︵ᠭᠤᠷᠪᠠ︶ ᠪᠥᠬᠦ ᠬᠤᠰᠢᠭᠤᠨ ᠤ ᠠᠵᠤ ᠠᠬᠤᠶ᠂ ᠲᠠᠷᠢᠶᠠᠯᠠᠩ ᠮᠠᠯ ᠠᠵᠤ ᠠᠬᠤᠶ ᠵᠡᠷᠭᠡ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠪᠠᠢᠳᠠᠯ ᠤᠯᠤᠰ ᠤᠨ ᠬᠦᠴᠦᠨ ᠤ ᠴᠢᠬᠤᠯᠠ ᠨᠡᠶᠢᠳᠡᠮ ᠪᠠᠶᠢᠴᠠᠭᠠᠯᠲᠠ ᠵᠢᠴᠢ ᠲᠤᠰᠬᠠᠶ ᠲᠥᠷᠥᠯ ᠤᠨ ᠪᠠᠶᠢᠴᠠᠭᠠᠯᠲᠠ ᠶᠢᠨ ᠲᠥᠯᠥᠪᠯᠡᠭᠡ᠂ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠯᠡᠬᠦ ᠪᠠ ᠬᠠᠩᠭᠠᠨ᠎ᠠ᠃︵ᠲᠦᠷᠪᠡ︶ ᠲᠠᠷᠢᠶᠠᠯᠠᠩ ᠣᠶ ᠰᠢᠭᠤᠶ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ ᠦᠢᠯᠡᠴᠢᠯᠡᠭᠡᠨ ᠤ ᠦᠢᠯᠡᠰ ᠵᠡᠷᠭᠡ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠶᠢᠨ ᠡᠯ᠎ᠡ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠵᠤ᠂ ᠬᠤᠷᠢᠶᠠᠩᠭᠤᠶᠢᠯᠠᠵᠤ᠂ ᠡᠮᠬᠢᠯᠡᠬᠦ ᠪᠠ ᠬᠠᠩᠭᠠᠵᠤ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ᠂ ᠰᠢᠤᠳᠠᠨ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠵᠡᠷᠭᠡ ᠪᠦᠬᠦ ᠬᠤᠰᠢᠭᠤᠨ ᠤ  ᠴᠢᠨᠠᠷᠠᠲᠢ  ᠲᠤᠭ᠎ᠠ ᠪᠦᠷᠢᠳᠬᠡᠯ ᠤᠨ ᠦᠨᠳᠦᠰᠦᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠳᠬᠡᠬᠦ ᠪᠠ ᠬᠠᠩᠭᠠᠨ᠎ᠠ᠃︵ᠲᠠᠪᠤ︶ ᠪᠥᠬᠦ ᠬᠤᠰᠢᠭᠤᠨ ᠤ ᠡᠨᠧᠷᠭᠢ᠂ ᠪᠠᠯᠠ ᠣᠷᠣᠭᠤᠯᠤᠯᠲᠠ᠂ ᠬᠡᠷᠡᠭᠯᠡᠭᠡ᠂ ᠰᠢᠨᠵᠢᠯᠡᠬᠦ ᠤᠬᠠᠭᠠᠨ  ᠮᠡᠷᠭᠡᠵᠢᠯ᠂ ᠬᠥᠳᠡᠯᠮᠦᠷᠢ ᠬᠦᠴᠦᠨ᠂ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ᠂ ᠣᠷᠴᠢᠨ ᠲᠣᠭᠤᠷᠢᠨ ᠤ  ᠦᠨᠳᠦᠰᠦᠨ ᠪᠠᠶᠢᠳᠠᠯ ᠵᠡᠷᠭᠡ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠵᠤ᠂ ᠬᠤᠷᠢᠶᠠᠩᠭᠤᠶᠢᠯᠠᠵᠤ᠂ ᠡᠮᠬᠢᠯᠡᠨ ᠬᠠᠩᠭᠠᠵᠤ᠂ ᠡᠬᠢ ᠪᠠᠶᠠᠯᠢᠭ᠂ ᠭᠡᠷ ᠪᠠᠶᠢᠰᠢᠩ᠂ ᠭᠠᠳᠠᠭᠠᠳᠤ ᠠᠷᠠᠯᠵᠢᠶ᠎ᠠ᠂ ᠭᠠᠳᠠᠭᠠᠳᠤ ᠠᠵᠤ ᠠᠬᠤᠶ ᠵᠡᠷᠭᠡ ᠪᠦᠬᠦ ᠬᠤᠰᠢᠭᠤᠨ ᠤ ᠴᠢᠨᠠᠷᠲᠠᠶ  ᠲᠤᠭ᠎ᠠ ᠪᠦᠷᠢᠳᠬᠡᠯ ᠤᠨ ᠦᠨᠳᠦᠰᠦᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠯᠡᠬᠦ ᠪᠠ ᠬᠠᠩᠭᠠᠨ᠎ᠠ᠃︵ᠵᠢᠷᠭᠤᠭ᠎ᠠ︶ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠠᠵᠤ ᠠᠬᠤᠶ᠂ ᠨᠡᠶᠢᠭᠡᠮ᠂ ᠰᠢᠨᠵᠢᠯᠡᠬᠦ ᠤᠬᠠᠭᠠᠨ ᠮᠡᠷᠭᠡᠵᠢᠯ ᠪᠠ ᠡᠬᠢ ᠪᠠᠶᠠᠯᠢᠭ ᠤᠨ ᠣᠷᠴᠢᠨ ᠲᠣᠭᠤᠷᠢᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠪᠦᠬᠦ ᠬᠤᠰᠢᠭᠤᠨ ᠤ ᠴᠢᠨᠠᠷᠲᠠᠶ ᠦᠨᠳᠦᠰᠦᠨ ᠪᠦᠷᠢᠳᠬᠡᠯ ᠤᠨ ᠮᠠᠲ᠋ᠧᠷᠢᠶᠠᠯ ᠢ ᠨᠢᠭᠡᠳᠦᠯᠲᠡᠶ ᠬᠢᠨᠠᠨ ᠲᠣᠭᠲᠠᠭᠠᠵᠤ᠂ ᠬᠠᠮᠢᠶᠠᠷᠴᠤ᠂ ᠨᠡᠶᠢᠲᠡᠯᠡᠨ᠎ᠡ᠃︵ᠳᠣᠯᠤᠭ᠎ᠠ︶ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠠ ᠡᠬᠢ ᠪᠠᠶᠠᠯᠢᠭ ᠣᠷᠴᠢᠨ ᠲᠣᠭᠤᠷᠢᠨ ᠵᠡᠷᠭᠡ ᠪᠠᠶᠢᠳᠠᠯ ᠢ ᠪᠦᠷᠢᠳᠬᠡᠨ ᠵᠠᠳᠠᠯᠵᠤ᠂ ᠬᠢᠨᠠᠨ ᠬᠡᠮᠵᠢᠯᠲᠡ ᠪᠠ  ᠪᠦᠷᠢᠳᠭᠡᠯ ᠤᠨ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠪᠠ ᠵᠥᠪᠯᠡᠯᠭᠡ ᠰᠠᠨᠠᠭᠤᠯᠭ᠎ᠠ ᠬᠠᠩᠭᠠᠨ᠎ᠠ᠃︵ᠨᠠᠢᠮᠠ︶ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠵᠢᠯᠣᠭᠤᠳᠴᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠴᠢᠬᠤᠯᠠ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠶᠢ ᠥᠷᠨᠢᠭᠦᠯᠤᠨ᠎ᠡ᠃︵ᠶᠢᠰᠦ︶ ᠪᠦᠬᠦ ᠬᠤᠰᠢᠭᠤᠨ ᠤ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨᠴᠢ ᠰᠤᠳᠤᠯᠭᠠᠨ᠂ ᠺᠠᠳ᠋ᠷ ᠤᠨ ᠪᠤᠯᠪᠠᠰᠤᠷᠠᠯ᠂ ᠲᠤᠭ᠎ᠠ ᠪᠦᠷᠢᠳᠬᠡᠯ ᠤᠨ ᠲᠤᠰᠬᠠᠢ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ  ᠵᠢᠯᠤᠭᠤᠳᠤᠨ᠎ᠠ᠃︵ᠠᠷᠪᠠ︶ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号