ᠬᠠᠷᠠᠴᠢᠨ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠪᠠᠲᠤᠯᠠᠭ᠎ᠠ ᠶᠢᠨ ᠲᠥᠪ ᠤᠨ ᠪᠠᠶᠢᠭᠤᠯᠤᠮᠵᠢ ᠶᠢᠨ ᠡᠭᠦᠷᠭᠡ ᠴᠢᠳᠠᠪᠬᠢ
ᠨᠡᠶᠢᠲᠡᠯᠡᠭᠰᠡᠨ ᠴᠠᠭ᠄
2020/7/7
ᠪᠠᠶᠢᠭᠤᠯᠤᠮᠵᠢ ᠶᠢᠨ ᠨᠡᠷᠡᠶᠢᠳᠦᠯ᠄  ᠬᠠᠷᠠᠴᠢᠨ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠪᠠᠲᠤᠯᠠᠭ᠎ᠠ ᠶᠢᠨ ᠲᠥᠪᠪᠠᠶᠢᠭᠤᠯᠤᠮᠵᠢ ᠶᠢᠨ ᠰᠢᠨᠵᠢ ᠴᠢᠨᠠᠷ᠄ ᠠᠵᠢᠯ ᠦᠢᠯᠡᠰ ᠠᠵᠢᠯᠯᠠᠬᠤ ᠭᠠᠵᠠᠷ᠄ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ ᠨᠢᠭᠡᠳᠦᠭᠡᠷ ᠳᠠᠪᠬᠤᠷᠬᠠᠷᠢᠯᠴᠠᠬᠤ ᠤᠲᠠᠰᠤ᠄ 3756322  ᠡᠭᠦᠷᠭᠡ ᠬᠠᠷᠢᠭᠤᠴᠠᠯᠭ᠎ᠠ᠄  ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠠᠵᠢᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠠᠷᠭ᠎ᠠ ᠵᠢᠴᠢ ᠬᠠᠮᠢᠶ᠎ᠠ ᠪᠦᠬᠦᠢ ᠳᠦᠷᠢᠮ ᠲᠣᠭᠲᠠᠭᠠᠯ ᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠬᠤᠶᠠᠷ︶ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠠᠯᠪᠠᠨ ᠶᠠᠪᠤᠳᠠᠯ ᠳᠤ ᠬᠡᠷᠡᠭᠯᠡᠬᠦ ᠮᠠᠰᠢᠨ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠰᠢᠭᠤᠨ ᠤ ᠠᠯᠪᠠᠨ ᠶᠠᠪᠤᠳᠠᠯ ᠳᠤ ᠬᠡᠷᠡᠭᠯᠡᠬᠦ ᠮᠠᠰᠢᠨ ᠲᠡᠷᠭᠡ ᠶᠢ ᠲᠤᠬᠢᠷᠠᠭᠤᠯᠤᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠠᠯᠪᠠᠨ ᠶᠠᠪᠤᠳᠠᠯ ᠳᠤ ᠬᠡᠷᠡᠭᠯᠡᠬᠦ ᠮᠠᠰᠢᠨ ᠲᠡᠷᠭᠡ ᠶᠢᠨ ᠡᠳᠦᠷ ᠲᠤᠲᠤᠮ ᠤᠨ ᠬᠠᠮᠢᠶᠠᠷᠤᠯᠲᠠ ᠪᠣᠯᠤᠨ ᠬᠡᠷᠡᠭᠯᠡᠭᠡᠨ ᠤ ᠠᠵᠢᠯ ᠳᠤ ᠬᠢᠨᠠᠯᠲᠠ ᠲᠠᠯᠪᠢᠨ᠎ᠠ᠃ ᠪᠦᠬᠦ ᠬᠤᠰᠢᠭᠤᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠠᠯᠪᠠᠨ ᠶᠠᠪᠤᠳᠠᠯ ᠳᠤ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠠᠬᠢᠭᠤᠯᠤᠨ᠎ᠠ᠃︵ᠭᠤᠷᠪᠠ︶ ᠪᠦᠬᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠠᠯᠪᠠᠨ ᠭᠡᠷ ᠬᠡᠷᠡᠭᠯᠡᠯᠲᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠴᠡᠪᠡᠷᠯᠡᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠵᠣᠬᠢᠶᠠᠨ ᠪᠠᠶᠢᠭᠤᠯᠤᠨ ᠪᠡᠶᠡᠯᠡᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠪᠠᠶᠢᠭᠤᠯᠬᠤ ᠶᠢ ᠲᠦᠯᠬᠢᠨ ᠠᠬᠢᠭᠤᠯᠤᠨ᠎ᠠ᠃︵ᠳᠥᠷᠪᠡ︶ ᠪᠥᠬᠦ ᠬᠤᠰᠢᠭᠤᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠡᠬᠢ ᠪᠠᠶᠠᠯᠢᠭ ᠢ ᠠᠷᠪᠢᠯᠠᠬᠤ ᠠᠵᠢᠯ ᠢ ᠠᠬᠢᠭᠤᠯᠬᠤ᠂ ᠵᠢᠯᠣᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠶᠢ ᠬᠠᠷᠢᠭᠤᠴᠠᠨ᠎ᠠ᠃︵ᠲᠠᠪᠤ︶ ᠪᠦᠬᠦ ᠬᠤᠰᠢᠭᠤᠨ ᠤ ᠠᠯᠪᠠᠨ ᠵᠣᠴᠢᠯᠠᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠢ ᠲᠡᠭᠦᠯᠳᠡᠷᠵᠢᠭᠦᠯᠵᠦ᠂ ᠪᠦᠬᠦ ᠬᠤᠰᠢᠭᠤᠨ ᠤ ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ ᠠᠵᠢᠯ ᠤᠨ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠳᠥᠷᠪᠡᠨ ᠶᠡᠭᠡ ᠪᠠᠶᠢᠭᠤᠯᠭ᠎ᠠ ᠬᠤᠲᠠ ᠶᠢᠨ ᠳᠣᠲᠣᠷ᠎ᠠ ᠭᠠᠳᠠᠨᠠᠬᠢ ᠵᠤᠬᠢᠬᠤ ᠲᠡᠰ ᠠᠴᠠ ᠳᠡᠭᠡᠭᠰᠢᠬᠢ ᠤᠳᠤᠷᠢᠳᠤᠯᠭ᠎ᠠ ᠪᠠ ᠪᠤᠰᠤᠳ ᠴᠢᠬᠤᠯᠠ ᠰᠤᠷᠪᠤᠯᠵᠢᠯᠠᠭ᠎ᠠ ᠶᠢ ᠵᠣᠬᠢᠶᠠᠨ ᠪᠠᠶᠢᠭᠤᠯᠤᠨ ᠲᠣᠬᠢᠷᠠᠭᠤᠯᠬᠤ ᠪᠠ ᠦᠢᠯᠡᠴᠢᠯᠡᠬᠦ ᠠᠵᠢᠯ ᠢ ᠬᠠᠷᠢᠭᠤᠴᠠᠨ᠎ᠠ᠃ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠬᠤ ᠪᠦᠯᠬᠦᠮ ᠵᠣᠬᠢᠶᠠᠨ ᠪᠠᠶᠢᠭᠤᠯᠵᠤ ᠭᠠᠳᠠᠭᠰᠢ ᠭᠠᠷᠴᠤ ᠲᠣᠭᠤᠷᠢᠨ ᠦᠵᠡᠬᠦ᠂ ᠰᠢᠨᠵᠢᠯᠡᠨ ᠪᠠᠶᠢᠴᠠᠭᠠᠬᠤ᠂ ᠰᠤᠷᠤᠯᠴᠠᠵᠤ ᠰᠣᠯᠢᠯᠴᠠᠬᠤ ᠪᠠ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢᠨ ᠬᠠᠮᠢᠶ᠎ᠠ ᠪᠦᠬᠦᠢ ᠬᠤᠯᠪᠣᠭ᠎ᠠ ᠠᠪᠬᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃︵ᠵᠢᠷᠭᠤᠭ᠎ᠠ︶ ᠬᠤᠰᠢᠭᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ  ᠶᠢᠨ ᠬᠢᠨᠠᠨ ᠪᠠᠶᠢᠴᠠᠭᠠᠬᠤ ᠵᠥᠪᠯᠡᠯ ᠤᠨ ᠠᠰᠠᠷ᠂ ᠵᠠᠬᠢᠳᠠᠯ ᠰᠤᠷᠪᠤᠯᠵᠢᠯᠠᠯ ᠬᠠᠤᠯᠢ ᠴᠠᠭᠠᠵᠠ ᠶᠢᠨ ᠠᠰᠠᠷ᠂ ᠰᠣᠶᠣᠯ ᠤᠷᠠᠯᠢᠭ ᠤᠨ ᠲᠥᠪ ᠠᠰᠠᠷ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠵᠢᠴᠢ ᠲᠣᠭᠲᠠᠭᠠᠭᠰᠠᠨ ᠣᠷᠣᠨ ᠪᠦᠰᠡ ᠶᠢᠨ ᠳᠣᠲᠣᠷᠠᠬᠢ ᠠᠮᠤᠷ ᠲᠦᠪᠰᠢᠨ ᠤ ᠬᠠᠮᠠᠭᠠᠯᠠᠯᠲᠠ᠂ ᠣᠯᠠᠨ ᠨᠡᠶᠢᠲᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠤᠰᠤ ᠳᠤᠯᠠᠭᠠᠯᠠᠭ᠎ᠠ ᠴᠠᠬᠢᠯᠭᠠᠨ᠂ ᠭᠠᠯ ᠤᠨᠲᠠᠷᠠᠭᠠᠬᠤ ᠵᠡᠷᠭᠡ ᠠᠷᠤ ᠲᠠᠯ᠎ᠠ ᠶᠢᠨ ᠦᠢᠯᠡᠴᠢᠯᠡᠭᠡ ᠵᠢᠴᠢ ᠪᠡᠯᠡᠳᠬᠡᠮᠵᠢ ᠲᠥᠬᠦᠭᠡᠷᠦᠮᠵᠢ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃︵ᠳᠣᠯᠤᠭ᠎ᠠ︶ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠬᠤᠭᠤᠯᠠᠨ ᠬᠡᠷ ᠤᠨ ᠬᠡᠪ ᠤᠨ ᠡᠵᠡᠩᠨᠡᠯᠲᠡ ᠪᠠ ᠪᠠᠲᠤᠯᠠᠭ᠎ᠠ ᠶᠢ ᠬᠠᠷᠢᠭᠤᠴᠠᠨ᠎ᠠ᠃︵ᠨᠠᠢᠮᠠ︶ ᠬᠤᠰᠢᠭᠤᠨ ᠨᠠᠮ ᠤᠨ ᠬᠤᠷᠢᠶ᠎ᠠ᠂ ᠬᠤᠰᠢᠭᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号