ᠬᠠᠷᠠᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠪᠠᠶᠢᠭᠤᠯᠤᠮᠵᠢ ᠶᠢᠨ ᠡᠭᠦᠷᠭᠡ ᠴᠢᠳᠠᠪᠬᠢ
ᠨᠡᠶᠢᠲᠡᠯᠡᠭᠰᠡᠨ ᠴᠠᠭ᠄
2020/7/7
ᠪᠠᠶᠢᠭᠤᠯᠤᠮᠵᠢ ᠶᠢᠨ ᠨᠡᠷᠡᠶᠢᠳᠦᠯ᠄ ᠬᠠᠷᠠᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠲᠤᠪᠴᠢᠶ᠎ᠠᠪᠠᠶᠢᠭᠤᠯᠤᠮᠵᠢ ᠶᠢᠨ ᠰᠢᠨᠵᠢ ᠴᠢᠨᠠᠷ᠄ ᠵᠠᠰᠠᠭ ᠵᠠᠬᠢᠷᠭᠠᠨ ᠤ ᠨᠢᠭᠡᠴᠡᠠᠵᠢᠯᠯᠠᠬᠤ ᠬᠠᠶ᠋ᠢᠭ᠄ ᠬᠠᠷᠠᠴᠢᠨ ᠬᠤᠰᠢᠭᠤᠨ ᠤ ᠵᠢᠨᠱᠠᠨ ᠰᠢᠨ᠎ᠡ ᠬᠤᠲᠠ ᠲᠣᠭᠤᠷᠢᠭ ᠤᠨ ᠪᠠᠷᠠᠭᠤᠨ ᠬᠡᠰᠡᠭᠬᠠᠷᠢᠯᠴᠠᠬᠤ ᠤᠲᠠᠰᠤ᠄ 3772660 3755268ᠡᠭᠦᠷᠭᠡ ᠬᠠᠷᠢᠭᠤᠴᠠᠯᠭ᠎ᠠ᠄1. ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠯᠧᠺᠲᠷᠣᠨ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ︔ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠠᠵᠢᠯ ᠤᠨ ᠲᠥᠯᠥᠪᠯᠡᠭᠡ᠂ ᠪᠠᠷᠢᠮᠵᠢᠶ᠎ᠠ  ᠳᠦᠷᠢᠮᠵᠢᠯ᠂ ᠲᠦᠭᠦᠷᠵᠢᠭᠰᠡᠨ ᠲᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠯᠠᠪᠯᠠᠯᠭ᠎ᠠ᠂ ᠵᠠᠭᠠᠯᠳᠤᠯᠭ᠎ᠠ ᠂ ᠰᠠᠨᠠᠭᠤᠯᠭ᠎ᠠ ᠶᠢᠨ ᠠᠵᠢᠯ ᠢ ᠬᠦᠯᠢᠶᠡᠨ ᠠᠪᠴᠤ ᠰᠢᠢᠳᠪᠦᠷᠢᠯᠡᠨ᠎ᠡ᠃2. ᠪᠦᠬᠦ ᠬᠤᠰᠢᠭᠤᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠠᠶᠢᠵᠢᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠵᠤᠬᠢᠴᠠᠭᠤᠯᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠢᠳᠠᠪᠤᠷᠢᠵᠢᠭᠤᠯᠬᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠥᠭᠡᠷᠡᠴᠢᠯᠡᠯᠲᠡ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠢᠬᠤᠯᠠ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠠᠶᠢᠵᠢᠷᠠᠭᠤᠯᠬᠤ ᠠᠵᠢᠯ ᠤᠨ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠰᠢᠢᠳᠪᠦᠷᠢᠯᠡᠬᠦ ᠰᠠᠨᠠᠯ ᠪᠠ ᠰᠠᠨᠠᠭᠤᠯᠭ᠎ᠠ ᠳᠤᠷᠠᠳᠴᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠨ᠎ᠠ᠃3. ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠦᠷᠢᠮ ᠲᠣᠭᠲᠠᠭᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠰᠦᠯ ᠢ ᠲᠤᠭᠤᠷᠪᠢᠨ ᠪᠢᠴᠢᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠠᠷᠠᠴᠢᠨ ᠬᠤᠰᠢᠭᠤᠨ ᠤ ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠪᠠᠷᠢᠮᠵᠢᠶᠠᠯᠠᠭᠤᠯᠬᠤ᠂ ᠳᠦᠷᠢᠮᠵᠢᠭᠦᠯᠬᠦ ᠪᠠᠶᠢᠭᠤᠯᠤᠯᠲᠠ ᠵᠢᠴᠢ ᠬᠡᠷᠡᠭᠯᠡᠭᠡᠨ ᠤ ᠠᠵᠢᠯ ᠢ ᠬᠠᠷᠢᠭᠤᠴᠠᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠦᠨ᠂  ᠵᠠᠰᠠᠭ ᠤᠨ ᠶᠠᠪᠤᠳᠠᠯ ᠤᠨ ᠨᠢᠭᠡᠳᠦᠯᠲᠡᠶ ᠦᠢᠯᠡᠴᠢᠯᠡᠭᠡᠨ ᠤ ᠰᠢᠰᠲ᠋ᠧᠮ ᠢ  ᠪᠠᠶᠢᠭᠤᠯᠤᠨ᠎ᠠ᠃4. ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠢᠭᠡᠳᠬᠡᠵᠤ᠂ ᠬᠠᠮᠲᠤ ᠪᠠᠷ ᠡᠳ᠋ᠯᠡᠬᠦ ᠠᠵᠢᠯ ᠢ ᠠᠬᠢᠭᠤᠯᠤᠨ᠎ᠠ᠃ ᠳᠥᠷᠪᠡᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠰᠦᠯᠵᠢᠶᠡᠨ ᠳᠡᠭᠡᠷ᠎ᠡ ᠠᠵᠢᠯ ᠬᠡᠷᠡᠭ ᠭᠦᠢᠴᠡᠳᠭᠡᠬᠦ ᠶᠡᠭᠡ ᠲᠢᠩᠬᠢᠮ᠂ ᠵᠠᠰᠠᠭ ᠤᠨ ᠶᠠᠪᠤᠳᠠᠯ ᠡᠯᠧᠺᠲᠷᠣᠨ e ᠠᠵᠢᠯ ᠶᠠᠪᠤᠳᠠᠯ ᠭᠦᠢᠴᠡᠳᠭᠡᠬᠦ ᠲᠥᠪ᠂ ︽ᠬᠤᠶᠠᠷ ᠪᠢᠴᠢᠯ ᠨᠢᠭᠡ ᠭᠦᠢᠴᠡᠳᠭᠡᠯ︾ ᠵᠡᠷᠭᠡ ᠡᠯᠧᠺᠲᠷᠣᠨᠴᠢᠯᠠᠭᠰᠠᠨ᠂ ᠣᠶᠤᠨᠴᠢᠯᠠᠭᠰᠠᠨ ᠬᠢᠨᠠᠨ ᠵᠥᠪᠰᠢᠶᠡᠷᠡᠬᠦ ᠠᠯᠪᠠᠯᠠᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠠ ᠠᠵᠢᠯᠯᠠᠭᠠᠨ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ 5. ᠬᠤᠰᠢᠭᠤ ᠲᠣᠰ ᠱᠠᠲᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠵᠤ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠢᠯᠣᠭᠤᠳᠤᠨ ᠂ ᠵᠤᠬᠢᠴᠠᠭᠤᠯᠵᠦ᠂ ᠬᠢᠨᠠᠯᠲᠠ ᠲᠠᠯᠪᠢᠨ᠎ᠠ᠃ 6. ᠪᠦᠬᠦ ᠬᠤᠰᠢᠭᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠵᠣᠬᠢᠶᠠᠨ ᠪᠠᠶᠢᠭᠤᠯᠤᠨ ᠠᠬᠢᠭᠤᠯᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠬᠡᠷᠡᠭᠯᠡᠯᠲᠡ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠯᠧᠺᠲᠷᠣᠨ ᠬᠢᠨᠠᠨ ᠪᠠᠶᠢᠴᠠᠭᠠᠯᠲᠠ ᠶᠢ ᠬᠡᠷᠡᠭᠵᠢᠭᠦᠯᠦᠨ᠎ᠡ᠃ 7. ᠬᠤᠰᠢᠭᠤᠨ ᠤ ᠲᠣᠰ ᠱᠠᠲᠤᠨ ᠤ ᠪᠣᠳᠠᠲᠤ ᠴᠣᠭᠴᠠ ᠶᠢᠨ ᠵᠠᠰᠠᠭ ᠤᠨ ᠶᠠᠪᠤᠳᠠᠯ ᠤᠨ ᠲᠢᠩᠬᠢᠮ ᠤᠨ ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠵᠤ᠂ ᠬᠤᠰᠢᠭᠤᠨ ᠤ ᠱᠠᠲᠤᠨ ᠤ ᠬᠤᠪᠢᠶᠠᠷᠢ ᠲᠢᠩᠬᠢᠮ ᠵᠢᠴᠢ ᠰᠢᠶᠠᠩ ᠪᠠᠯᠭᠠᠰᠤ᠂ ᠲᠣᠰᠬᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠠᠢ ᠵᠡᠷᠭᠡ ᠭᠠᠵᠠᠷ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠬᠠᠮᠢᠶᠠᠷᠤᠯᠲᠠ ᠶᠢ ᠵᠢᠯᠣᠭᠤᠳᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯ ᠢ  ᠭᠦᠢᠴᠡᠳᠭᠡᠬᠦ ᠠᠵᠢᠯ ᠢ ᠵᠣᠬᠢᠶᠠᠨ ᠪᠠᠶᠢᠭᠤᠯᠤᠨ ᠵᠤᠬᠢᠴᠠᠭᠤᠯᠵᠤ᠂ ᠬᠢᠨᠠᠨ ᠬᠠᠮᠢᠶᠠᠷᠤᠨ᠎ᠠ᠃  8. ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号