| ᠪᠠᠶᠢᠭᠤᠯᠤᠮᠵᠢ ᠶᠢᠨ ᠨᠡᠷᠡᠶᠢᠳᠦᠯ᠄ ᠬᠠᠷᠠᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ | ᠪᠠᠶᠢᠭᠤᠯᠤᠮᠵᠢ ᠶᠢᠨ ᠰᠢᠨᠵᠢ ᠴᠢᠨᠠᠷ᠄ ᠵᠠᠰᠠᠭ ᠵᠠᠬᠢᠷᠭᠠᠨ ᠤ ᠨᠢᠭᠡᠴᠡ | ᠠᠵᠢᠯᠯᠠᠬᠤ ᠭᠠᠵᠠᠷ᠄ ᠬᠠᠷᠠᠴᠢᠨ ᠬᠤᠰᠢᠭᠤᠨ ᠤ ᠵᠢᠨᠱᠠᠨ ᠪᠠᠯᠭᠠᠰᠤᠨ ᠤ ᠵᠢᠨᠱᠠᠨ ᠶᠡᠭᠡ ᠵᠡᠭᠡᠯᠢ ᠶᠢᠨ 198 ᠳ᠋ᠤᠭᠠᠷ | ᠨᠣᠮᠧᠷ | ᠬᠠᠷᠢᠯᠴᠠᠬᠤ ᠤᠲᠠᠰᠤ᠄ 0476 — 3752987 | ᠡᠭᠦᠷᠭᠡ ᠬᠠᠷᠢᠭᠤᠴᠠᠯᠭ᠎ᠠ᠄ | 1. ᠲᠦᠪ ᠬᠤᠷᠢᠶᠠᠨ ᠤ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ | ᠪᠣᠯᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ | ᠲᠣᠭᠲᠠᠭᠠᠯ ᠢ ᠲᠤᠤᠱᠠᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠬᠠᠷᠢᠭᠤᠴᠠᠨ᠎ᠠ᠃ | 2. ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ | ᠦᠨᠳᠦᠰᠦᠯᠡᠨ᠂ ᠪᠦᠬᠦ ᠬᠤᠰᠢᠭᠤᠨ ᠤ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠲᠣᠭᠲᠠᠭᠠᠵᠤ᠂ ᠠᠷᠠᠳ ᠤᠨ ᠶᠠᠪᠤᠳᠠᠯ ᠤᠨ ᠠᠵᠢᠯ ᠤᠨ ᠳᠤᠮᠳᠠ ᠤᠷᠲᠤ ᠬᠤᠭᠤᠴᠠᠭᠠᠨ ᠤ | ᠬᠥᠭᠵᠢᠯᠲᠡ ᠶᠢᠨ ᠲᠥᠯᠥᠪᠵᠢᠭᠦᠯᠭᠡ ᠵᠢᠴᠢ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢ | ᠬᠠᠷᠢᠭᠤᠴᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠬᠤ | ᠬᠠᠷᠢᠭᠤᠴᠠᠯᠭ᠎ᠠ ᠲᠠᠢ᠃ | 3. ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠨᠠᠢᠳᠠᠪᠤᠷᠢᠵᠢᠭᠤᠯᠵᠦ᠂ | ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ᠬᠤᠲᠠ ᠬᠥᠳᠡᠭᠡ | ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ | ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ᠂ ᠠᠮᠢᠳᠤᠷᠠᠯ ᠦᠭᠡᠢ ᠲᠡᠨᠦᠭᠦᠴᠢᠯᠡᠨ ᠭᠤᠶᠢᠷᠠᠨᠴᠢᠯᠠᠵᠤ | ᠪᠠᠶᠢᠭ᠎ᠠ ᠬᠥᠮᠦᠰ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ | 4. ᠬᠤᠲᠠ ᠬᠥᠳᠡᠭᠡ ᠶᠢᠨ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠪᠦᠲᠦᠭᠡᠨ | ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠲᠥᠷᠥ ᠶᠢᠨ ᠪᠣᠳᠣᠯᠭ᠎ᠠ ᠶᠢ ᠨᠠᠢᠳᠠᠪᠤᠷᠢᠵᠢᠭᠤᠯᠵᠦ᠂ | ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠵᠢᠯᠣᠭᠤᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | 5. ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠤᠨ ᠬᠠᠮᠢᠶᠠᠷᠤᠯᠲᠠ ᠪᠠ | ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ | ᠲᠣᠰᠬᠤᠨ ᠤ ᠱᠠᠲᠤᠨ ᠠᠴᠠ ᠳᠡᠭᠡᠭᠰᠢᠬᠢ ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠲᠦᠷᠢᠮ ᠢ ᠪᠠᠶᠢᠭᠤᠯᠬᠤ᠂ | ᠨᠡᠶᠢᠯᠡᠭᠦᠯᠬᠦ᠂ ᠬᠦᠴᠦᠨ ᠥᠬᠡᠶ ᠪᠣᠯᠭᠠᠬᠤ᠂ ᠬᠠᠯᠠᠬᠤ᠂ ᠨᠡᠷᠡᠶᠢᠳᠬᠦ᠂ ᠵᠠᠭᠠᠭ ᠬᠢᠵᠠᠭᠠᠷ ᠢ ᠬᠤᠪᠢᠷᠠᠭᠤᠯᠬᠤ ᠵᠢᠴᠢ | ᠵᠠᠰᠠᠭ ᠤᠨ ᠣᠷᠳᠣᠨ ᠤ ᠰᠠᠭᠤᠭ᠎ᠠ ᠭᠠᠵᠠᠷ ᠲᠤ ᠨᠡᠭᠦᠬᠦ ᠶᠢ ᠳᠡᠭᠡᠭᠰᠢ ᠮᠡᠳᠡᠭᠦᠯᠵᠦ ᠬᠢᠨᠠᠨ ᠬᠠᠷᠭᠤᠭᠤᠯᠬᠤ ᠠᠵᠢᠯ ᠢ | ᠬᠠᠷᠢᠭᠤᠴᠠᠨ᠎ᠠ︔ ᠬᠤᠰᠢᠭᠤᠨ ᠳᠣᠲᠣᠷᠠᠬᠢ ᠰᠢᠶᠠᠩ ᠪᠠᠯᠭᠠᠰᠤ ᠶᠢᠨ ᠬᠤᠭᠤᠷᠣᠨᠳᠣᠬᠢ ᠵᠠᠰᠠᠭ ᠵᠠᠬᠢᠷᠭᠠᠨ ᠤ ᠵᠠᠭᠠᠭ | ᠬᠢᠵᠠᠭᠠᠷ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ︔ ᠭᠠᠵᠠᠷ ᠤᠨ ᠨᠡᠷᠡᠶᠢᠳᠦᠯ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | 6. ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ | ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠯᠲᠠ ᠪᠠ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ | ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠳᠤ ᠬᠠᠤᠯᠢ ᠶᠣᠰᠣᠭᠠᠷ ᠳᠠᠩᠰᠠᠯᠠᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ | ᠬᠡᠷᠡᠭᠲᠡᠶ᠃ | 7. ᠣᠷᠤᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠣᠷᠤᠭ ᠬᠤᠷᠢᠮ ᠤᠨ ᠬᠡᠪ ᠰᠤᠷᠲᠠᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ | 8. ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠦᠢᠯᠡᠴᠢᠯᠡᠭᠡᠨ ᠤ ᠳᠦᠷᠢᠮᠵᠢᠯ ᠢ | ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠰᠢᠭᠤᠯᠭ᠎ᠠ ᠶᠢᠨ | ᠥᠭᠡᠷᠡᠴᠢᠯᠡᠯᠲᠡ ᠶᠢ ᠠᠬᠢᠭᠤᠯᠤᠨ᠎ᠠ᠃ | 9. ᠨᠠᠰᠤᠲᠠᠶᠢᠴᠤᠳ ᠤᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ᠂ ᠰᠢᠪᠠᠳᠠᠨ | ᠵᠢᠯᠣᠭᠤᠳᠬᠤ᠂ ᠬᠢᠨᠠᠯᠲᠠ ᠲᠠᠯᠪᠢᠨ ᠬᠠᠮᠢᠶᠠᠷᠬᠤ᠂ ᠨᠠᠰᠤᠲᠠᠶᠢᠴᠤᠳ ᠤᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢᠨ ᠲᠥᠯᠥᠪᠵᠢᠭᠦᠯᠪᠡ᠂ ᠲᠥᠷᠥ ᠶᠢᠨ ᠪᠤᠳᠤᠯᠭ᠎ᠠ᠂ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠤᠨᠴᠠᠭᠠᠢ ᠬᠦᠴᠢᠷᠳᠡᠯᠲᠡᠶ | ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨᠠᠠ᠃ | 10. ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠨᠠᠢᠳᠠᠪᠤᠷᠢᠵᠢᠭᠤᠯᠬᠤ᠂ | ᠵᠡᠮᠳᠡᠭᠴᠦᠳ ᠤᠨ ᠠᠰᠠᠷᠠᠮᠵᠢ ᠶᠢᠨ ᠳᠦᠷᠢᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | 11. ᠬᠡᠦᠬᠡᠳ ᠤᠨ ᠠᠰᠠᠷᠠᠮᠵᠢ᠂ ᠥᠨᠥᠴᠢᠨ ᠥᠷᠥᠭᠡᠰᠦᠨ ᠬᠡᠦᠬᠡᠳ ᠤᠨ ᠪᠠᠳᠤᠯᠠᠭ᠎ᠠ᠂ ᠬᠡᠦᠬᠡᠳ ᠡᠷᠭᠦᠨ ᠲᠡᠵᠢᠭᠡᠬᠦ᠂ | ᠬᠡᠥᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠨᠠᠢᠳᠠᠪᠤᠷᠢᠵᠢᠭᠤᠯᠬᠤ᠂ | ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ | ᠰᠢᠰᠲ᠋ᠧᠮ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠪᠠᠲᠤᠯᠠᠬᠤ ᠳᠦᠷᠢᠮ ᠢ ᠪᠦᠷᠢᠨ ᠪᠤᠯᠭᠠᠨ᠎ᠠ᠃ | 12. ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢ ᠵᠣᠬᠢᠶᠠᠨ | ᠪᠠᠶᠢᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠬᠠᠨᠳᠢᠪᠯᠠᠬᠤ ᠠᠵᠢᠯ ᠢ ᠵᠢᠯᠣᠭᠤᠳᠴᠤ᠂ ᠠᠰᠠᠷᠠᠮᠵᠢ ᠶᠢᠨ | ᠱᠠᠩᠨᠠᠯᠲᠤ ᠰᠤᠭᠤᠯᠤᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | 13. ᠨᠡᠶᠢᠭᠡᠮ ᠤᠨ ᠠᠵᠢᠯ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠪᠣᠯᠤᠨ ᠪᠠᠷᠢᠮᠵᠢᠶ᠎ᠠ ᠶᠢ | ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ | ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠣᠯᠤᠨ ᠰᠠᠶᠢᠨ ᠳᠤᠷ᠎ᠠ ᠶᠢᠨ ᠠᠵᠢᠯᠯᠠᠭᠰᠠᠳ ᠤᠨ ᠡᠩᠨᠡᠭᠡᠨ ᠤ | ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ᠃ | 14. ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | 15. ᠡᠭᠦᠷᠭᠡ ᠴᠢᠳᠠᠪᠬᠢ ᠶᠢᠨ ᠬᠤᠪᠢᠷᠠᠯᠲᠠ᠃ ᠬᠠᠷᠠᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ | ᠨᠢ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠡᠭᠦᠷᠭᠡ ᠴᠢᠳᠠᠪᠬᠢ ᠪᠠᠨ ᠴᠢᠩᠭᠠᠳᠬᠠᠵᠤ᠂ ᠬᠦᠴᠢᠷᠳᠡᠯᠲᠡᠶ | ᠣᠯᠠᠨ ᠲᠦᠮᠡᠨ᠂ ᠥᠨᠥᠴᠢᠨ ᠥᠷᠥᠭᠡᠰᠦᠨ ᠬᠥᠭᠰᠢᠨ ᠥᠨᠥᠴᠢᠨ ᠬᠡᠤᠬᠡᠳ ᠵᠡᠷᠭᠡ ᠤᠨᠴᠠᠭᠠᠢ ᠬᠦᠴᠢᠷᠳᠡᠯᠲᠡᠶ | ᠬᠥᠮᠦᠰ ᠲᠤ ᠦᠨᠳᠦᠰᠦᠨ ᠨᠡᠶᠢᠭᠡᠮ ᠤᠨ ᠦᠢᠯᠡᠴᠢᠯᠡᠭᠡ ᠬᠠᠩᠭᠠᠵᠤ᠂ ᠡᠬᠢ ᠪᠠᠶᠠᠯᠢᠭ ᠢ ᠪᠠᠭᠤᠷᠠᠶ ᠭᠠᠵᠠᠷ ᠣᠷᠣᠨ᠂ | ᠬᠦᠷᠢᠶ᠎ᠡ ᠬᠡᠪᠴᠢᠶ᠎ᠡ ᠪᠠ ᠴᠢᠬᠤᠯᠠ ᠪᠦᠬᠦᠢ ᠭᠠᠵᠠᠷ ᠲᠤ ᠬᠡᠷᠡᠭᠯᠡᠬᠦ ᠶᠢ ᠠᠬᠢᠭᠤᠯᠤᠨ᠎ᠠ᠃ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠵᠡᠷᠭᠡ ᠣᠯᠠᠨ ᠡᠰᠢᠵᠢᠭᠰᠡᠨ ᠣᠷᠣᠯᠴᠠᠬᠤ ᠭᠤᠤᠯ ᠴᠣᠭᠴᠠ ᠶᠢ | ᠢᠳᠡᠪᠬᠢᠲᠡᠶ ᠪᠠᠷ ᠪᠤᠶᠢᠵᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠨᠡᠶᠢᠭᠡᠮ ᠲᠤᠭᠤᠷᠢᠭ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ | | |