ᠬᠠᠷᠠᠴᠢᠨ ᠬᠤᠰᠢᠭᠤᠨ ᠤ ᠾᠧ ᠮᠧᠢ ᠠᠵᠤ ᠦᠶ᠋ᠯᠡᠳᠪᠦᠷᠢ ᠠᠷᠠᠯᠵᠢᠶᠠᠨ ᠤ ᠲᠤᠭᠤᠷᠢᠭ ᠤᠨ ᠦᠢᠯᠡᠴᠢᠯᠡᠭᠡᠨ ᠤ ᠲᠥᠪ ᠤᠨ ᠪᠠᠶᠢᠭᠤᠯᠤᠮᠵᠢ ᠶᠢᠨ ᠡᠭᠦᠷᠭᠡ ᠴᠢᠳᠠᠪᠬᠢ
ᠨᠡᠶᠢᠲᠡᠯᠡᠭᠰᠡᠨ ᠴᠠᠭ᠄
2020/7/8
ᠬᠠᠷᠠᠴᠢᠨ ᠬᠤᠰᠢᠭᠤᠨ ᠤ ᠾᠧ ᠮᠧᠢ ᠠᠵᠤ ᠦᠶ᠋ᠯᠡᠳᠪᠦᠷᠢ ᠠᠷᠠᠯᠵᠢᠶᠠᠨ ᠤ ᠲᠤᠭᠤᠷᠢᠭ ᠤᠨ ᠦᠢᠯᠡᠴᠢᠯᠡᠭᠡᠨ ᠤ ᠲᠥᠪ ᠤᠨ ᠪᠠᠶᠢᠭᠤᠯᠤᠮᠵᠢ ᠶᠢᠨ ᠡᠭᠦᠷᠭᠡ ᠴᠢᠳᠠᠪᠬᠢ    ᠪᠠᠶᠢᠭᠤᠯᠤᠮᠵᠢ ᠶᠢᠨ ᠨᠡᠷᠡᠶᠢᠳᠦᠯ᠄ ᠬᠠᠷᠠᠴᠢᠨ ᠬᠤᠰᠢᠭᠤᠨ ᠤ ᠾᠧ ᠮᠧᠢ ᠠᠵᠤ ᠦᠢᠯᠡᠳᠪᠦᠷᠢ ᠠᠷᠠᠯᠵᠢᠶᠠᠨ ᠲᠤᠭᠤᠷᠢᠭ ᠤᠨ ᠦᠢᠯᠡᠴᠢᠯᠡᠭᠡᠨ ᠤ ᠲᠥᠪ  ᠪᠠᠶᠢᠭᠤᠯᠤᠮᠵᠢ ᠶᠢᠨ ᠰᠢᠨᠵᠢ ᠴᠢᠨᠠᠷ᠄ ᠬᠤᠶᠠᠳᠤᠭᠠᠷ ᠳᠡᠰ ᠤᠨ ᠠᠵᠢᠯ ᠦᠢᠯᠡᠰ ᠤᠨ ᠨᠢᠭᠡᠴᠡ  ᠬᠠᠶ᠋ᠢᠭ᠄ ᠬᠠᠷᠠᠴᠢᠨ ᠬᠤᠰᠢᠭᠤ ᠶᠢᠨ ᠾᠧ ᠮᠧᠢ ᠠᠵᠤ ᠦᠶ᠋ᠯᠡᠳᠪᠦᠷᠢ ᠠᠷᠠᠯᠵᠢᠶᠠᠨ ᠤ ᠬᠦᠷᠢᠶᠡᠯᠡᠩ ᠲᠣᠭᠤᠷᠢᠭ ᠤᠨ ᠶᠢᠩ ᠴᠠᠩ ᠵᠡᠭᠡᠯᠢ ᠪᠠ G16 ᠳ᠋ᠠᠨ ᠰᠢ ᠥᠨᠳᠥᠷ ᠬᠤᠷᠳᠤᠴᠠᠲᠤ ᠵᠠᠰᠠᠮᠠᠯ ᠵᠠᠮ ᠤᠨ ᠠᠭᠤᠯᠵᠠᠷ  ᠬᠠᠷᠢᠯᠴᠠᠬᠤ ᠤᠲᠠᠰᠤ᠄ 0476 — 3995165  ᠡᠭᠦᠷᠭᠡ ᠬᠠᠷᠢᠭᠤᠴᠠᠯᠭ᠎ᠠ᠄  ︵ᠨᠢᠭᠡ︶ ᠬᠤᠲᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠠᠳᠠᠯ ᠠᠬᠤᠶ ᠶᠢᠨ ᠠᠵᠤ ᠠᠬᠤᠶᠢᠯᠠᠯ ᠤᠨ ᠠᠵᠢᠯ ᠡᠷᠭᠢᠯᠡᠬᠦ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ︔ ᠣᠷᠣᠨ ᠰᠠᠭᠤᠴᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠨᠢ ᠡᠮᠦᠨᠡᠬᠢ ᠬᠤᠭᠤᠴᠠᠭᠠᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠠᠵᠤ ᠠᠬᠤᠶᠢᠯᠠᠯ ᠢ ᠰᠣᠩᠭᠤᠨ ᠤᠷᠢᠬᠤ᠂ ᠴᠢᠬᠤᠯᠠ ᠪᠥᠬᠦᠶ ᠠᠳᠠᠯ ᠠᠬᠤᠶ ᠶᠢᠨ ᠬᠠᠮᠢᠶᠠᠷᠤᠯᠲᠠ ᠳᠤ ᠬᠡᠷᠡᠭᠯᠡᠬᠦ ᠬᠡᠷ ᠪᠠᠶᠢᠰᠢᠩ ᠢ ᠳᠣᠭᠢᠷᠠᠭᠤᠯᠬᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠣᠯᠠᠨ ᠨᠡᠶᠢᠲᠡ ᠶᠢᠨ ᠪᠠᠷᠢᠯᠭ᠎ᠠ ᠶᠢᠨ ᠨᠡᠶᠢᠲᠡ ᠶᠢᠨ ᠬᠡᠷᠡᠭᠯᠡᠭᠡᠨ ᠤ ᠳᠥᠬᠦᠭᠡᠷᠥᠮᠵᠢ ᠶᠢ ᠳᠤᠷ᠎ᠠ ᠪᠠᠷ ᠢᠶᠠᠨ ᠡᠪᠳᠡᠬᠦ ᠵᠢᠴᠢ ᠲᠡᠭᠦᠨ ᠤ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠬᠤ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ︔ ᠣᠷᠣᠨ ᠰᠠᠭᠤᠴᠠ ᠶᠢᠨ ᠲᠣᠭᠤᠷᠢᠭ ᠤᠨ ᠳᠣᠲᠣᠷᠠᠬᠢ ᠵᠠᠮ᠂ ᠵᠦᠯᠭᠡ ᠭᠠᠵᠠᠷ᠂ ᠲᠠᠯᠠᠪᠠᠢ ᠶᠢ ᠳᠤᠷ᠎ᠠ ᠪᠠᠷ ᠢᠶᠠᠨ ᠡᠵᠡᠯᠡᠨ ᠬᠡᠷᠡᠭᠯᠡᠬᠦ᠂ ᠮᠠᠯᠲᠠᠬᠤ ᠶᠢ ᠬᠠᠷᠢᠭᠤᠴᠠᠵᠤ᠂ ᠥᠮᠴᠢᠲᠡᠨ ᠤ ᠬᠠᠮᠲᠤ ᠶᠢᠨ ᠠᠰᠢᠭ ᠲᠤᠰᠠ ᠶᠢ ᠬᠤᠬᠢᠷᠠᠭᠤᠯᠤᠭᠰᠠᠨ ᠠᠵᠢᠯᠯᠠᠭ᠎ᠠ ᠶᠢ ᠬᠢᠨᠠᠨ ᠬᠠᠮᠢᠶᠠᠷᠴᠦ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠳᠣᠲᠣᠷ᠎ᠠ ᠬᠠᠮᠲᠤ ᠪᠠᠷ ᠬᠡᠷᠡᠭᠯᠡᠬᠦ ᠣᠷᠣᠨ ᠪᠠᠶᠢᠷᠢ᠂ ᠣᠷᠣᠨ ᠵᠠᠶ ᠶᠢ ᠡᠵᠡᠯᠡᠬᠦ ᠶᠢ ᠬᠠᠷᠢᠭᠤᠴᠠᠨ᠎ᠠ᠂ ᠣᠯᠠᠨ ᠨᠡᠶᠢᠲᠡ ᠶᠢᠨ ᠣᠷᠴᠢᠨ ᠲᠣᠭᠤᠷᠢᠨ ᠢ ᠬᠤᠬᠢᠷᠠᠭᠤᠯᠬᠤ ᠵᠡᠷᠭᠡ ᠠᠵᠢᠯᠯᠠᠭ᠎ᠠ ᠶᠢᠨ ᠬᠢᠨᠠᠠ ᠬᠠᠮᠢᠶᠠᠷᠤᠨ᠎ᠠ︔ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠳᠣᠲᠣᠷᠠᠬᠢ ᠬᠤᠲᠠ ᠶᠢᠨ ᠳᠦᠷᠢ ᠲᠥᠷᠬᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠨᠥᠯᠥᠭᠡᠯᠡᠬᠦ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠵᠤ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠳᠣᠲᠣᠷ᠎ᠠ ᠳᠤᠷ᠎ᠠ ᠪᠠᠷ ᠢᠶᠠᠨ ᠪᠠᠶᠢᠭᠤᠯᠬᠤ᠂ ᠬᠠᠤᠯᠢ ᠲᠣᠭᠲᠠᠭᠠᠯ ᠠᠴᠠ ᠵᠥᠷᠢᠴᠡᠨ ᠵᠠᠰᠠᠨ ᠴᠢᠮᠡᠭᠯᠡᠬᠦ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃  ︵ᠬᠤᠶᠠᠷ︶ ᠤᠰᠤ ᠬᠠᠩᠭᠠᠬᠤ ᠤᠰᠤ ᠵᠠᠯᠠᠬᠤ᠂ ᠢᠯᠴᠢ ᠬᠠᠩᠭᠠᠬᠤ᠂ ᠴᠠᠬᠢᠯᠭᠠᠨ ᠦᠢᠯᠡᠰ ᠤᠨ ᠴᠢᠮᠡᠭᠡ ᠬᠤᠯᠪᠣᠭ᠎ᠠ  ᠵᠡᠷᠭᠡ ᠣᠯᠠᠨ ᠨᠡᠶᠢᠲᠡ ᠶᠢᠨ ᠠᠵᠢᠯ ᠦᠢᠯᠡᠰ ᠤᠨ ᠦᠢᠯᠡᠴᠢᠯᠡᠭᠡ ᠶᠢ ᠬᠠᠷᠢᠭᠤᠴᠠᠨ᠎ᠠ᠃  ︵ᠭᠤᠷᠪᠠ︶ ᠠᠵᠢᠯ ᠣᠯᠭᠤᠬᠤ ᠦᠢᠯᠡᠴᠢᠯᠡᠭᠡᠨ ᠤ ᠪᠣᠯᠪᠠᠰᠤᠷᠠᠭᠤᠯᠤᠯ᠂ ᠠᠵᠢᠯᠴᠢᠨ ᠬᠡᠷᠡᠭᠯᠡᠬᠦ ᠶᠢ ᠲᠠᠨᠢᠯᠴᠠᠭᠤᠯᠬᠤ ᠂ ᠮᠡᠳᠡᠭᠡ ᠵᠠᠩᠭᠢ ᠨᠡᠶᠢᠲᠡᠯᠡᠬᠦ᠂ ᠠᠳᠠᠯ  ᠦᠢᠯᠡᠰ ᠴᠣᠭᠴᠠᠯᠠᠬᠤ ᠰᠠᠭᠤᠷᠢᠨ ᠭᠠᠵᠠᠷ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃  ︵ᠳᠥᠷᠪᠡ︶ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠠᠵᠢᠯ ᠥᠷᠨᠢᠭᠦᠯᠬᠦ ᠶᠢ ᠵᠢᠯᠣᠭᠤᠳᠤᠨ᠎ᠠ᠃  ︵ᠲᠠᠪᠤ︶ ᠨᠡᠭᠡᠭᠡᠯᠲᠡ ᠶᠢᠨ ᠲᠣᠭᠤᠷᠢᠭ ᠤᠨ ᠨᠠᠮ ᠤᠨ ᠬᠤᠷᠢᠶ᠎ᠠ ᠪᠠ ᠬᠠᠮᠢᠶᠠᠷᠤᠯᠲᠠ ᠶᠢᠨ ᠵᠥᠪᠯᠡᠯ ᠤᠨ ᠲᠤᠰᠢᠶᠠᠭᠰᠠᠨ ᠪᠤᠰᠤᠳ ᠠᠵᠢᠯ ᠢ ᠳᠠᠭᠠᠭᠠᠨ  ᠭᠦᠢᠴᠡᠳᠭᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号