| ᠪᠠᠶᠢᠭᠤᠯᠤᠮᠵᠢ ᠶᠢᠨ ᠨᠡᠷᠡᠶᠢᠳᠦᠯ᠄ ᠬᠠᠷᠠᠴᠢᠨ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ | ᠪᠠᠶᠢᠭᠤᠯᠤᠮᠵᠢ ᠶᠢᠨ ᠰᠢᠨᠵᠢ ᠴᠢᠨᠠᠷ᠄ ᠠᠯᠪᠠᠳᠠᠨ ᠤ ᠬᠠᠤᠯᠢ ᠪᠠᠷ ᠬᠢᠨᠠᠯᠳᠠ ᠪᠤᠯᠭᠠᠨ ᠬᠠᠮᠢᠶᠠᠷᠬᠤ ᠠᠵᠢᠯ | ᠦᠢᠯᠡᠰ ᠤᠨ ᠨᠢᠭᠡᠴᠡ | ᠠᠵᠢᠯᠯᠠᠬᠤ ᠬᠠᠶ᠋ᠢᠭ᠄ ᠬᠠᠷᠠᠴᠢᠨ ᠬᠤᠰᠢᠭᠤᠨ ᠤ ᠵᠢᠨᠱᠠᠨ ᠪᠠᠯᠭᠠᠰᠤᠨ ᠤ ᠵᠢᠨᠱᠠᠨ ᠶᠡᠭᠡ ᠵᠡᠭᠡᠯᠢ ᠶᠢᠨ 112 ᠳ᠋ᠤᠭᠠᠷ᠊ | ᠨᠣᠮᠧᠷ | ᠬᠠᠷᠢᠯᠴᠠᠬᠤ ᠤᠲᠠᠰᠤ᠄ 0476 — 3759830 | ᠡᠭᠦᠷᠭᠡ ᠬᠠᠷᠢᠭᠤᠴᠠᠯᠭ᠎ᠠ᠄ | 1. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠢ ᠬᠠᠮᠠᠭᠠᠯᠠᠬᠤ ᠬᠠᠤᠯᠢ︾ ᠶᠢ | ᠲᠤᠤᠱᠯᠠᠭᠤᠯᠤᠨ ᠬᠡᠷᠡᠭᠵᠢᠭᠦᠯᠦᠨ᠎ᠡ᠃ | 2. ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠵᠡᠮᠳᠡᠭᠴᠦᠳ ᠤᠨ ᠰᠠᠨᠠᠯ ᠢ ᠰᠣᠨᠣᠰᠴᠤ᠂ | ᠵᠡᠮᠳᠡᠭᠴᠦᠳ ᠤᠨ ᠬᠡᠷᠡᠭᠴᠡᠭᠡ ᠱᠠᠭᠠᠷᠳᠠᠯᠭ᠎ᠠ ᠶᠢ ᠲᠤᠰᠬᠠᠵᠤ᠂ ᠵᠡᠮᠳᠡᠭᠴᠦᠳ ᠲᠤ ᠦᠢᠯᠡᠴᠢᠯᠡᠨ᠎ᠡ᠃ | 3. ᠵᠡᠮᠳᠡᠭᠴᠦᠳ ᠲᠠᠢ ᠪᠥᠯᠬᠦᠮᠳᠡᠨ᠂ ᠲᠡᠳᠡᠨᠠᠷ ᠤᠨ ᠬᠠᠤᠯᠢ ᠰᠠᠬᠢᠯᠭ᠎ᠠ ᠶᠢ ᠵᠢᠷᠤᠮᠯᠠᠨ ᠰᠠᠬᠢᠵᠤ ᠭᠦᠢᠴᠡᠳᠬᠡᠪᠡᠰᠦ | ᠵᠣᠬᠢᠬᠤ ᠡᠭᠦᠷᠭᠡ ᠶᠢ ᠨᠢ ᠭᠦᠢᠴᠡᠳᠬᠡᠯᠭᠡᠵᠦ᠂ ᠪᠠᠶᠠᠷ ᠪᠠᠶᠠᠰᠬᠤᠯᠠᠩ ᠲᠠᠢ᠂ ᠤᠷᠤᠭᠰᠢ ᠳᠠᠪᠰᠢᠬᠤ ᠵᠣᠷᠢᠭ ᠰᠠᠨᠠᠭ᠎ᠠ ᠶᠢ | ᠨᠢ ᠪᠠᠳᠠᠷᠠᠭᠤᠯᠵᠤ᠂ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠢᠲᠡᠭᠡᠬᠦ᠂ ᠥᠪᠡᠷ ᠢ ᠪᠠᠨ ᠬᠦᠴᠦᠷᠬᠡᠭᠵᠢᠭᠦᠯᠬᠦ᠂ | ᠪᠡᠶ᠎ᠡ ᠪᠠᠨ ᠳᠠᠭᠠᠭᠠᠵᠦ᠂ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠵᠣᠷᠢᠭ | ᠰᠠᠨᠠᠭ᠎ᠠ ᠲᠠᠢ ᠪᠣᠯᠭᠠᠵᠤ ᠬᠦᠮᠦᠵᠢᠭᠦᠯᠦᠨ᠎ᠡ᠃ | 4. ᠬᠥᠮᠥᠡᠯᠢᠭ ᠦᠵᠡᠯ ᠢ ᠪᠠᠳᠠᠷᠠᠭᠤᠯᠤᠨ᠂ ᠵᠡᠮᠳᠡᠭᠴᠦᠳ ᠤᠨ ᠦᠢᠯᠡᠰ ᠢ ᠤᠬᠠᠭᠤᠯᠵᠤ᠂ ᠵᠠᠰᠠᠭ ᠤᠨ ᠣᠷᠳᠣᠨ᠂ | ᠨᠡᠶᠢᠭᠡᠮ ᠬᠢᠭᠡᠳ ᠵᠡᠮᠳᠡᠭᠴᠦᠳ ᠤᠨ ᠬᠤᠭᠤᠷᠣᠨᠳᠣᠬᠢ ᠬᠠᠷᠢᠴᠠᠭ᠎ᠠ ᠶᠢ ᠨᠡᠪᠲᠡᠷᠡᠭᠦᠯᠵᠦ᠂ ᠨᠡᠶᠢᠭᠡᠮ ᠨᠡᠶᠢᠳᠡ ᠶᠢ | ᠳᠠᠶᠢᠴᠢᠯᠠᠨ ᠵᠡᠮᠳᠡᠭᠴᠦᠳ ᠢ ᠣᠶᠢᠯᠠᠭᠠᠭᠤᠯᠵᠤ᠂ ᠬᠦᠨᠳᠦᠳᠭᠡᠭᠦᠯᠵᠦ᠂ ᠬᠠᠯᠠᠮᠵᠢᠯᠠᠭᠤᠯᠵᠤ᠂ ᠬᠠᠪᠰᠤᠷᠤᠭᠤᠯᠬᠤ | ᠬᠠᠷᠢᠭᠤᠴᠠᠯᠭ᠎ᠠ ᠶᠢ ᠡᠭᠦᠷᠭᠡᠯᠡᠨ᠎ᠡ᠃ | 5. ᠵᠡᠮᠳᠡᠭᠴᠦᠳ ᠤᠨ ᠡᠷᠡᠭᠦᠯᠵᠢᠯ᠂ ᠰᠤᠷᠭᠠᠨ ᠬᠥᠮᠦᠵᠢᠯ᠂ ᠬᠥᠳᠡᠯᠮᠦᠷᠢ ᠠᠵᠢᠯ ᠣᠯᠭᠤᠯᠲᠠ᠂ ᠡᠳ᠋ᠯᠡᠯ ᠬᠡᠷᠡᠭᠰᠡᠯ᠂ | ᠨᠡᠶᠢᠭᠡᠮ ᠤᠨ ᠦᠢᠯᠡᠴᠢᠯᠡᠭᠡ ᠪᠠ ᠵᠡᠮᠳᠡᠭ ᠪᠣᠯᠬᠤ ᠠᠴᠠ ᠰᠡᠷᠭᠡᠶᠢᠯᠡᠬᠦ ᠠᠵᠢᠯ ᠢ ᠥᠷᠨᠢᠭᠦᠯᠵᠦ᠂ ᠰᠠᠶᠢᠨ ᠰᠠᠶᠢᠬᠠᠨ | ᠣᠷᠴᠢᠨ ᠲᠣᠭᠤᠷᠢᠨ ᠪᠣᠯᠤᠨ ᠨᠥᠬᠦᠴᠡᠯ ᠢ ᠪᠤᠢ ᠪᠣᠯᠭᠠᠵᠤ᠂ ᠵᠡᠮᠳᠡᠭᠴᠦᠳ ᠤᠨ ᠨᠡᠶᠢᠭᠡᠮ ᠤᠨ ᠠᠮᠢᠳᠤᠷᠠᠯ ᠳᠤ ᠡᠷᠬᠡ | ᠲᠡᠭᠰᠢ ᠪᠠᠷ ᠣᠷᠣᠯᠴᠠᠬᠤ ᠶᠢ ᠳᠡᠮᠵᠢᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ | 6. ᠵᠠᠰᠠᠭ ᠤᠨ ᠣᠷᠳᠣᠨ ᠤ ᠵᠡᠮᠳᠡᠭᠴᠦᠳ ᠤᠨ ᠠᠵᠢᠯ ᠤᠨ ᠺᠣᠮᠢᠰ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ | ᠶᠡᠷᠥᠩᠬᠡᠶᠢᠯᠡᠭᠰᠡᠨ᠂ ᠵᠣᠬᠢᠶᠠᠨ ᠪᠠᠶᠢᠭᠤᠯᠤᠭᠰᠠᠨ᠂ ᠵᠣᠬᠢᠴᠠᠭᠤᠯᠤᠨ ᠦᠢᠯᠡᠴᠢᠯᠡᠬᠦ ᠶᠢ ᠰᠠᠶᠢᠲᠤᠷ ᠬᠢᠨ᠎ᠡ᠃ | 7. ᠵᠡᠮᠳᠡᠭᠴᠦᠳ ᠤᠨ ᠤᠯᠠᠨ ᠲᠦᠮᠡᠨ ᠤ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠬᠠᠮᠢᠶᠠᠷᠤᠨ᠎ᠠ᠃ | 8. ᠵᠡᠮᠳᠡᠭᠴᠦᠳ ᠤᠨ ᠪᠠᠶᠢᠳᠠᠯ ᠢ ᠨᠡᠶᠢᠳᠡᠮ ᠪᠠᠶᠢᠴᠠᠭᠠᠵᠤ᠂ ᠵᠡᠮᠳᠡᠭᠴᠦᠳ ᠤᠨ ᠲᠤᠭ᠎ᠠ ᠬᠡᠮᠵᠢᠶ᠎ᠡ᠂ ᠲᠥᠷᠥᠯ ᠢᠯᠭᠠᠯ᠂ | ᠲᠠᠷᠬᠠᠯᠲᠠ᠂ ᠡᠷᠡᠭᠦᠯᠵᠢᠯᠭᠡ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠠᠮᠢᠳᠤᠷᠠᠯ᠂ ᠣᠷᠤᠭ ᠬᠤᠷᠢᠮ ᠵᠡᠷᠭᠡ | ᠦᠨᠳᠦᠰᠦᠨ ᠪᠠᠶᠢᠳᠠᠯ ᠢ ᠡᠵᠡᠮᠰᠢᠵᠦ᠂ ᠳᠠᠩᠰᠠᠯᠠᠵᠤ ᠺᠠᠷᠲᠯᠠᠨᠠ᠃ | 9. ᠰᠠᠶᠢᠨ ᠳᠤᠷ᠎ᠠ ᠶᠢᠨ ᠠᠵᠢᠯᠲᠠᠨ ᠢ ᠪᠠᠶᠢᠭᠤᠯᠵᠤ᠂ ᠵᠡᠮᠳᠡᠭᠴᠦᠳ ᠲᠤ ᠦᠢᠯᠡᠴᠢᠯᠡᠬᠦ ᠡᠭᠦᠷᠭᠡ ᠲᠠᠢ᠃ | 10. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ︽ᠵᠡᠮᠳᠡᠭᠴᠦᠳ ᠤᠨ ᠦᠨᠡᠮᠯᠡᠯ︾ ᠢ ᠬᠢᠨᠠᠨ | ᠣᠯᠭᠤᠨ᠎ᠠ᠃ | 11. ᠣᠯᠠᠨ ᠵᠦᠢᠯ ᠤᠨ ᠬᠡᠯᠪᠡᠷᠢ ᠮᠠᠶ᠋ᠢᠭ ᠪᠦᠬᠦᠢ ᠵᠡᠮᠳᠡᠭᠴᠦᠳ ᠢ ᠲᠤᠰᠠᠯᠠᠬᠤ ᠠᠵᠢᠯᠯᠠᠭ᠎ᠠ ᠶᠢ ᠥᠷᠭᠡᠨ ᠳᠡᠯᠭᠡᠷ | ᠥᠷᠨᠢᠭᠦᠯᠵᠦ᠂ ︽ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ︾᠂ ︽ᠵᠡᠮᠳᠡᠭᠴᠦᠳ ᠢ ᠲᠤᠰᠠᠯᠠᠬᠤ | ᠣᠯᠠᠨ ᠤᠯᠤᠰ ᠤᠨ ᠡᠳᠦᠷ︾᠂ ︽ᠤᠯᠠᠭᠠᠨ ᠪᠦᠴᠡᠲᠡᠨ ᠵᠡᠮᠳᠡᠭᠴᠦᠳ ᠢ ᠲᠤᠰᠠᠯᠠᠬᠤ︾ ᠵᠢᠴᠢ ᠲᠤᠬᠠᠶ ᠶᠢᠨ | ᠭᠠᠵᠠᠷ ᠤᠨ ᠣᠨᠴᠠᠯᠢᠭ ᠲᠤ ᠳᠣᠭᠢᠷᠬᠠᠰᠠᠨ ᠵᠡᠮᠳᠡᠭᠴᠦᠳ ᠢ ᠲᠤᠰᠠᠯᠠᠬᠤ ᠠᠵᠢᠯᠯᠠᠭ᠎ᠠ ᠶᠢ ᠰᠠᠶᠢᠲᠤᠷ ᠵᠣᠬᠢᠶᠠᠨ | ᠪᠠᠶᠢᠭᠤᠯᠬᠤ ᠬᠡᠷᠡᠭᠲᠡᠶ᠃ | 12. ᠵᠡᠮᠳᠡᠭᠴᠦᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠬᠢᠨᠠᠮᠠᠭᠠᠶ ᠰᠠᠶᠢᠲᠤᠷ ᠬᠢᠵᠦ᠂ ᠵᠡᠮᠳᠡᠭᠴᠦᠳ ᠤᠨ | ᠬᠦᠴᠢᠷ ᠵᠣᠪᠠᠯᠠᠩ ᠢ ᠰᠢᠢᠳᠪᠦᠷᠢᠯᠡᠵᠦ᠂ ᠠᠰᠠᠭᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠬᠦ ᠬᠡᠷᠡᠭᠲᠡᠶ᠃ | 13. ᠵᠠᠰᠠᠭ ᠤᠨ ᠣᠷᠳᠣᠨ ᠢ ᠬᠠᠮᠵᠢᠨ ᠡᠷᠡᠭᠦᠯᠵᠢᠯᠭᠡ ᠶᠢᠨ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠵᠦ᠂ ᠨᠡᠶᠢᠭᠡᠮ | ᠲᠣᠭᠤᠷᠢᠭ ᠤᠨ ᠡᠷᠡᠭᠦᠯᠵᠢᠯᠭᠡ ᠶᠢ ᠵᠢᠯᠣᠭᠤᠳᠤᠨ᠎ᠠ᠃ ᠵᠡᠮᠳᠡᠭ ᠪᠣᠯᠬᠤ ᠠᠴᠠ ᠰᠡᠷᠭᠡᠶᠢᠯᠡᠬᠦ ᠠᠵᠢᠯ ᠢ ᠥᠷᠨᠢᠭᠦᠯᠵᠦ᠂ | ᠵᠡᠮᠳᠡᠭᠴᠦᠳ ᠤᠨ ᠲᠤᠭ᠎ᠠ ᠶᠢ ᠪᠠᠭᠠᠰᠬᠠᠨ᠎ᠠ᠃ | 14. ᠬᠥᠳᠡᠯᠮᠦᠷᠢ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠪᠠ ᠵᠡᠮᠳᠡᠭᠴᠦᠳ ᠤᠨ ᠣᠨᠴᠠᠯᠢᠭ ᠢ ᠦᠨᠳᠦᠰᠦᠯᠡᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠢ ᠥᠷᠨᠢᠭᠦᠯᠵᠦ᠂ ᠵᠡᠮᠳᠡᠭᠴᠦᠳ ᠢ ᠬᠥᠮᠦᠵᠢᠭᠦᠯᠦᠨ ᠪᠣᠯᠪᠠᠰᠤᠷᠠᠭᠤᠯᠤᠨ᠎ᠠ᠃ | 15. ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃ | | |