ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 2019 ᠣᠨ ᠤ ᠵᠢᠯ ᠤᠨ ᠮᠡᠳᠡᠭᠦᠯᠦᠯᠳᠡ ᠪᠠᠨ ᠬᠤᠭᠤᠴᠠᠭ᠎ᠠ ᠭᠡᠳᠦᠷᠡᠭᠰᠡᠨ ᠪᠠᠶᠢᠳᠠᠯ᠎ᠠ ᠮᠡᠳᠡᠭᠦᠯᠦᠭᠡ ᠦᠭᠡᠢ ᠠᠵᠤ ᠠᠬᠤᠶᠢᠯᠠᠯ ᠢ ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠬᠤ ᠲᠣᠭᠲᠠᠭᠠᠯ
ᠨᠡᠶᠢᠲᠡᠯᠡᠭᠰᠡᠨ ᠴᠠᠭ᠄
2020/8/13
ᠤᠯᠠᠭᠠᠨᠬᠠᠳᠠ ᠬᠤᠲᠠ ᠶᠢᠨ ᠴᠠᠩ ᠵᠢᠶᠧ ᠱᠦᠨ ᠳ᠋ᠡ ᠲᠡᠭᠡᠭᠡᠪᠦᠷᠢ ᠶᠢᠨ ᠬᠢᠵᠠᠭᠠᠷᠲᠤ ᠺᠣᠮᠫᠠᠨᠢ ᠵᠡᠷᠭᠡ 151 ᠠᠵᠤ ᠠᠬᠤᠶᠢᠯᠠᠯ᠄      ᠲᠠᠨ ᠤ ᠨᠢᠭᠡᠴᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 64 ᠳ᠋ᠦ᠋ᠭᠡᠷ ᠲᠣᠭᠠᠲᠤ ︽ᠠᠵᠤ ᠠᠬᠤᠶᠢᠯᠠᠯ ᠤᠨ ᠮᠡᠳᠡᠭᠡ ᠵᠠᠩᠭᠢ ᠶᠢ ᠵᠠᠷᠯᠠᠨ ᠨᠡᠶᠢᠳᠡᠯᠡᠯ ᠢ ᠲᠦᠷ ᠬᠡᠷᠡᠭᠵᠢᠭᠦᠯᠬᠦ ᠲᠦᠷᠢᠮ︾ ᠤᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠠᠬᠢ᠄ ︽ᠠᠵᠤ ᠠᠬᠤᠶᠢᠯᠠᠯ ᠨᠢ ᠵᠢᠯ ᠪᠦᠷᠢ ᠶᠢᠨ 1 ᠰᠠᠷ᠎ᠠ ᠶᠢᠨ 1 ᠤ ᠡᠳᠦᠷ ᠠᠴᠠ 6 ᠰᠠᠷ᠎ᠠ ᠶᠢᠨ 30 ᠤ ᠡᠳᠦᠷ ᠪᠣᠯᠲᠠᠯ᠎ᠠ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠢᠶᠠᠷ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠡᠭᠡᠷ᠎ᠡ ᠨᠢᠭᠡ ᠵᠢᠯ ᠤᠨ ᠤᠨ ᠤ ᠮᠡᠳᠡᠭᠦᠯᠦᠯᠲᠡ ᠪᠠᠨ ᠮᠡᠳᠡᠭᠦᠯᠦᠨ ᠬᠦᠷᠭᠡᠵᠦ᠂ ᠡᠭᠦᠨ ᠤ ᠬᠠᠮᠲᠤ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠨ᠎ᠡ︾ ᠭᠡᠰᠡᠨ ᠲᠤᠭᠳᠠᠭᠠᠯ ᠢ ᠵᠦᠷᠢᠴᠡᠵᠦ᠂ ︽ᠠᠵᠤ ᠠᠬᠤᠶᠢᠯᠠᠯ ᠤᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠲᠦᠷ ᠬᠡᠷᠡᠭᠵᠢᠭᠦᠯᠬᠦ ᠲᠦᠷᠢᠮ︾ ᠤᠨ ᠠᠷᠪᠠᠨ ᠲᠤᠯᠤᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠨᠢᠭᠡᠳᠦᠭᠡᠷ  ᠵᠦᠢᠯ ᠲᠠᠬᠢ᠄ ︽ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠥᠴᠢᠷ ᠠᠴᠠ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠤᠷᠤᠭᠤᠯᠤᠨ᠎ᠠ︾  ᠭᠡᠬᠦ ᠲᠤᠭᠳᠠᠭᠠᠯ ᠢ ᠦᠨᠳᠤᠰᠦᠯᠡᠪᠡᠯ᠄     ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠳᠤ ᠲᠤᠰ ᠠᠯᠪᠠᠨ ᠵᠡᠷ ᠢ ᠨᠡᠶᠢᠲᠡᠯᠡᠭᠰᠡᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ ᠳᠠᠷᠤᠶ ᠬᠦᠷᠭᠡᠭᠰᠡᠨ ᠢᠶᠠᠷ ᠪᠤᠳᠦᠨ᠎ᠡ᠃ ᠵᠢᠯ ᠤᠨ ᠮᠡᠳᠡᠭᠦᠯᠦᠯᠲᠡ ᠨᠥᠬᠦᠵᠦ ᠮᠡᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠭᠦᠨ ᠤ ᠦᠢᠯᠡ ᠠᠵᠢᠯᠯᠠᠭ᠎ᠠ ᠪᠠᠨ ᠵᠠᠯᠠᠷᠠᠭᠤᠯᠵᠤ ᠪᠣᠯᠤᠨ᠎ᠠ᠂ ᠪᠠᠰᠠ ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠪᠢᠴᠢᠭ ᠤᠨ ᠬᠡᠯᠪᠡᠷᠢ ᠶᠢᠨ ᠭᠤᠶᠤᠴᠢᠯᠠᠯ ᠭᠠᠷᠭᠠᠬᠤ ᠶᠢᠨ ᠬᠠᠮᠲᠤ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢᠶᠠᠨ ᠲᠤᠰᠢᠶᠠᠵᠤ᠂ ᠡᠵᠡᠩᠨᠡᠯᠳᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠶᠢ ᠰᠢᠯᠵᠢᠭᠦᠯᠦᠨ ᠭᠠᠷᠭᠠᠵᠤ᠂ ᠮᠠᠨ ᠤ ᠲᠣᠪᠴᠢᠶ᠎ᠠ ᠬᠠᠤᠯᠢ ᠶᠣᠰᠣᠭᠠᠷ ᠬᠢᠨᠠᠨ ᠬᠠᠷᠭᠤᠭᠤᠯᠵᠤ ᠰᠢᠢᠳᠪᠦᠷᠢᠯᠡᠨ᠎ᠡ᠃     ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                2020 ᠣᠨ ᠤ 7 ᠰᠠᠷ᠎ᠠ ᠶᠢᠨ 16 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号