| ᠬᠠᠷᠠᠴᠢᠨ ᠬᠤᠰᠢᠭᠤᠨ ᠤ ᠮᠦ ᠶᠧ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠵᠡᠷᠭᠡ 312 ᠨᠡᠷᠡᠰ | ᠲᠠᠷᠢᠶᠠᠴᠢᠨ ᠤ ᠲᠤᠰᠬᠠᠢ ᠬᠤᠷᠰᠢᠶ᠎ᠠ ᠳᠤ᠄ | | ᠲᠠᠨ ᠤ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠨᠢ ︽ᠲᠠᠷᠢᠶᠠᠴᠢᠨ ᠤ ᠲᠤᠰᠬᠠᠶ ᠠᠵᠢᠯ ᠤᠨ | ᠬᠤᠷᠰᠢᠶᠠᠨ ᠤ ᠣᠨ ᠤ ᠮᠡᠳᠡᠭᠦᠯᠦᠯᠲᠡ ᠶᠢ ᠵᠠᠷᠯᠠᠨ ᠨᠡᠶᠢᠲᠡᠯᠡᠬᠦ ᠶᠢ ᠲᠦᠷ ᠬᠡᠷᠡᠭᠵᠢᠭᠦᠯᠬᠦ ᠠᠷᠭ᠎ᠠ︾ ᠶᠢᠨ | ᠳᠥᠷᠪᠡᠳᠦᠭᠡᠷ ᠵᠦᠢᠯ ᠲᠠᠬᠢ᠄ ︽ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠵᠢᠯ ᠪᠦᠷᠢ ᠶᠢᠨ 1 ᠰᠠᠷ᠎ᠠ ᠶᠢᠨ | 1 ᠤ ᠡᠳᠦᠷ ᠠᠴᠠ 6 ᠰᠠᠷ᠎ᠠ ᠶᠢᠨ 30 ᠤ ᠡᠳᠦᠷ ᠪᠣᠯᠲᠠᠯ᠎ᠠ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ | ᠵᠠᠩᠭᠢ ᠶᠢ ᠨᠡᠶᠢᠲᠡᠯᠡᠬᠦ ᠰᠢᠰᠲ᠋ᠧᠮ ᠢᠶᠠᠷ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠤ ᠳᠡᠭᠡᠷ᠎ᠡ ᠨᠢᠭᠡ ᠵᠢᠯ ᠤᠨ ᠤᠨ ᠤ ᠮᠡᠳᠡᠭᠦᠯᠦᠯᠲᠡ ᠪᠠᠨ ᠮᠡᠳᠡᠭᠦᠯᠦᠨ ᠬᠦᠷᠭᠡᠵᠦ᠂ ᠡᠭᠦᠨ ᠤ | ᠬᠠᠮᠲᠤ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠨ᠎ᠡ︾ ᠭᠡᠰᠡᠨ ᠲᠤᠭᠳᠠᠭᠠᠯ ᠢ ᠵᠦᠷᠢᠴᠡᠵᠦ᠂ ︽ᠲᠠᠷᠢᠶᠠᠴᠢᠳ ᠤᠨ | ᠲᠤᠰᠬᠠᠶ ᠠᠵᠢᠯ ᠤᠨ ᠬᠤᠷᠰᠢᠶ᠎ᠠ ᠶᠢᠨ ᠣᠨ ᠤ ᠮᠡᠳᠡᠭᠦᠯᠦᠯᠲᠡ ᠶᠢ ᠵᠠᠷᠯᠠᠨ ᠨᠡᠶᠢᠲᠡᠯᠡᠬᠦ ᠲᠦᠷ ᠬᠡᠷᠡᠭᠵᠢᠭᠦᠯᠬᠦ ᠠᠷᠭ᠎ᠠ︾ | ᠶᠢᠨ ᠲᠣᠭᠲᠠᠭᠠᠯ ᠢ ᠦᠨᠳᠦᠰᠦᠯᠡᠪᠡᠯ᠂ ᠡᠳᠦᠭᠡ 2019 ᠣᠨ ᠤ ᠣᠨ ᠤ ᠮᠡᠳᠡᠭᠦᠯᠦᠯᠲᠡ ᠪᠠᠨ ᠲᠣᠭᠲᠠᠭᠰᠠᠨ | ᠬᠤᠭᠤᠴᠠᠭᠠᠨ ᠳᠤ ᠮᠡᠳᠡᠭᠦᠯᠦᠨ ᠬᠦᠷᠭᠡᠭᠰᠡᠨ ᠥᠬᠡᠶ ᠪᠥᠭᠡᠳ ᠵᠠᠷᠯᠠᠨ ᠨᠡᠶᠢᠲᠡᠯᠡᠭᠰᠡᠨ ᠥᠬᠡᠶ ᠲᠠᠷᠢᠶᠠᠴᠢᠳ ᠤᠨ | ᠲᠤᠰᠬᠠᠶ ᠠᠵᠢᠯ ᠤᠨ ᠬᠤᠷᠰᠢᠶ᠎ᠠ ᠶᠢ ︽ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ︾ ᠳᠤ | ᠵᠢᠭᠰᠠᠭᠠᠨ ᠣᠷᠣᠭᠤᠯᠪᠠ᠃ ᠡᠭᠦᠨ ᠤ ᠬᠠᠮᠲᠤ ᠬᠠᠤᠯᠢ ᠶᠣᠰᠣᠭᠠᠷ ᠠᠯᠪᠠᠨ ᠵᠠᠷ ᠨᠡᠶᠢᠲᠡᠯᠡᠵᠦ ᠬᠦᠷᠭᠡᠨ᠎ᠡ᠃ | | ᠳᠡᠭᠡᠷ᠎ᠡ ᠳᠤᠷᠠᠳᠤᠭᠰᠠᠨ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠨᠢ ᠲᠣᠰ ᠠᠯᠪᠠᠨ ᠵᠠᠷ ᠢ | ᠨᠡᠶᠢᠲᠡᠯᠡᠭᠰᠡᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ ᠬᠦᠷᠭᠡᠵᠦ ᠥᠭᠭᠦᠭᠰᠡᠨ ᠢᠶᠠᠷ ᠦᠵᠡᠨ᠎ᠡ᠃ ᠵᠢᠯ ᠤᠨ | ᠮᠡᠳᠡᠭᠦᠯᠦᠯᠲᠡ ᠨᠥᠬᠦᠵᠦ ᠮᠡᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠭᠦᠨ ᠤ ᠦᠢᠯᠡ ᠠᠵᠢᠯᠯᠠᠭ᠎ᠠ ᠪᠠᠨ | ᠵᠠᠯᠠᠷᠠᠭᠤᠯᠵᠤ ᠪᠣᠯᠤᠨ᠎ᠠ᠂ ᠲᠡᠷᠡᠴᠢᠯᠡᠨ ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠳᠤ ᠪᠢᠴᠢᠭ ᠤᠨ ᠭᠤᠶᠤᠴᠢᠯᠠᠯ ᠭᠠᠷᠭᠠᠬᠤ ᠶᠢᠨ ᠬᠠᠮᠲᠤ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢᠶᠠᠨ | ᠲᠤᠰᠢᠶᠠᠵᠤ᠂ ᠡᠵᠡᠩᠨᠡᠯᠳᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠶᠢ ᠰᠢᠯᠵᠢᠭᠦᠯᠦᠨ ᠭᠠᠷᠭᠠᠬᠤ ᠪᠠᠷ | ᠭᠤᠶᠤᠴᠢᠯᠠᠵᠤ᠂ ᠮᠠᠨ ᠤ ᠲᠣᠪᠴᠢᠶ᠎ᠠ ᠬᠠᠤᠯᠢ ᠶᠣᠰᠣᠭᠠᠷ ᠬᠢᠨᠠᠨ ᠬᠠᠷᠭᠤᠭᠤᠯᠵᠤ ᠰᠢᠶ᠋ᠳᠪᠦᠷᠢᠯᠡᠨ᠎ᠡ᠃ | | ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | | 2020 ᠣᠨ ᠤ 7 ᠰᠠᠷ᠎ᠠ ᠶᠢᠨ 16 ᠤ ᠡᠳᠦᠷ | | | |