| | | ᠣᠶᠢᠷ᠎ᠠ ᠳᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠯᠢ ᠰᠢᠤᠸᠠᠢ | ᠵᠢᠶᠦ᠋ᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ ᠡᠷᠡᠭᠦᠯ ᠮᠡᠨᠳᠦ ᠪᠠᠷ ᠶᠠᠳᠠᠭᠤ ᠶᠢ | ᠲᠡᠳᠬᠦᠬᠦ᠂ ᠬᠤᠯᠤᠭᠠᠨ᠎ᠠ ᠶᠢᠨ ᠬᠢᠵᠢᠭ ᠪᠠ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ᠂ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠰᠢᠮᠳᠠᠭᠤᠯᠤᠨ ᠵᠢᠯᠣᠭᠤᠳᠪᠠ᠃ | | | | ᠯᠢ ᠰᠢᠤᠸᠠᠢ ᠵᠢᠶᠦ᠋ᠨ ᠡᠷᠬᠢᠯᠡᠭᠴᠢ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢ ᠤᠭᠲᠤᠬᠤ | ᠠᠵᠢᠯ᠂ ᠤᠷᠢᠳᠴᠢᠯᠠᠨ ᠪᠠᠶᠢᠴᠠᠭᠠᠵᠤ ᠰᠠᠯᠭᠠᠨ ᠪᠠᠶᠢᠴᠠᠭᠠᠬᠤ᠂ ᠬᠤᠯᠤᠭᠠᠨ᠎ᠠ ᠶᠢᠨ ᠬᠢᠵᠢᠭ ᠪᠣᠯᠤᠨ ᠰᠢᠨ᠎ᠡ ᠲᠢᠲᠢᠮ | ᠠᠭᠤᠰᠬᠢᠨ ᠦᠷᠪᠢᠰᠦᠯ ᠤᠨ ᠮᠡᠳᠡᠪᠡᠯ ᠵᠣᠬᠢᠬᠤ ᠮᠡᠳᠡᠯᠭᠡ ᠵᠢᠴᠢ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠭᠠᠯ ᠢ | ᠰᠡᠷᠭᠡᠶᠢᠯᠡᠬᠦ ᠠᠮᠤᠷ ᠲᠦᠪᠰᠢᠨ ᠤ ᠠᠵᠢᠯ᠂ ᠦᠶᠡᠷ ᠢ ᠰᠡᠷᠭᠡᠶᠢᠯᠡᠬᠦ ᠠᠵᠢᠯ ᠢ ᠰᠢᠮᠳᠠᠭᠤᠯᠤᠨ ᠪᠠᠶᠢᠴᠠᠭᠠᠵᠤ ᠵᠢᠭᠠᠨ | ᠵᠢᠯᠣᠭᠤᠳᠪᠠ᠃ ᠲᠡᠷᠡ ᠴᠢᠬᠤᠯᠠᠴᠢᠯᠠᠭᠰᠠᠨ ᠨᠢ᠂ ᠨᠢᠭᠡ ᠳᠤ᠂ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠢᠳᠠᠪᠤᠷᠢᠵᠢᠭᠤᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠪᠠᠶᠢᠩᠭᠤᠵᠢᠭᠤᠯᠵᠤ᠂ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠬᠤ ᠬᠡᠷᠡᠭᠳᠡᠢ︔ ᠬᠤᠶᠠᠷ ᠲᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠠᠵᠢᠯ ᠢ ᠲᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠡᠯ᠎ᠡ ᠡᠷᠡᠭᠦᠯ ᠬᠠᠮᠠᠭᠠᠯᠠᠯ ᠤᠨ ᠬᠤᠷᠢᠶ᠎ᠠ ᠬᠦᠨᠳᠦ ᠡᠪᠡᠳᠴᠢᠨ ᠢ ᠲᠥᠪᠯᠡᠷᠡᠭᠦᠯᠦᠨ ᠠᠪᠤᠷᠠᠨ ᠡᠮᠨᠡᠬᠦ᠂ | ᠤᠳᠠᠭᠠᠨ ᠴᠢᠨᠠᠷᠲᠠᠶ ᠡᠪᠡᠳᠴᠢᠨ ᠳᠤ ᠭᠡᠷ᠎ᠡ ᠲᠣᠭᠲᠠᠵᠤ ᠦᠢᠯᠡᠴᠢᠯᠡᠬᠦ᠂ ᠡᠮᠨᠡᠯᠭᠡ ᠳᠤ ᠬᠦᠷᠭᠡᠵᠦ ᠡᠮ ᠲᠣᠬᠢᠷᠠᠭᠤᠯᠬᠤ | ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠵᠦ᠂ ᠡᠯ᠎ᠡ ᠲᠥᠷᠥᠯ ᠤᠨ ᠳᠠᠩᠰᠠ ᠡᠪᠬᠡᠮᠡᠯ ᠪᠣᠯᠤᠨ ᠡᠬᠡ ᠳᠠᠩᠰᠠ ᠶᠢ | ᠲᠡᠭᠦᠯᠳᠡᠷᠵᠢᠬᠦᠯᠵᠦ᠂ ᠪᠠᠶᠢᠴᠠᠭᠠᠯᠲᠠ ᠶᠢ ᠤᠭᠲᠤᠬᠤ ᠪᠡᠯᠡᠳᠬᠡᠯ ᠢᠶᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ︔ | ᠭᠤᠷᠪᠠ ᠳᠤ ᠂ ᠠᠶᠤᠯ ᠦᠭᠡᠢ ᠦᠢᠯᠡᠳᠪᠦᠷᠢᠯᠡᠯ ᠤᠨ ᠳᠠᠯᠳᠠ ᠭᠡᠮ ᠢ ᠪᠦᠬᠦ ᠲᠠᠯ᠎ᠠ ᠪᠠᠷ ᠪᠠᠶᠢᠴᠠᠭᠠᠵᠤ᠂ ᠪᠠᠷᠢᠨ | ᠬᠡᠷᠡᠭᠵᠢᠬᠦᠯᠵᠦ ᠪᠠᠷᠢᠨ ᠥᠭᠡᠷᠡᠴᠢᠯᠡᠵᠦ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠠᠵᠢᠯ ᠢ | ᠰᠠᠶᠢᠲᠤᠷ ᠬᠢᠬᠦ ᠬᠡᠷᠡᠭᠳᠡᠢ ᠭᠡᠵᠡᠢ᠃ | ᠁ |