ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠷᠲᠤ ᠬᠤᠭᠤᠴᠠᠭ᠎ᠠ ᠪᠠᠷ ᠠᠵᠢᠯ ᠵᠣᠭᠰᠣᠵᠤ ᠡᠵᠡᠩᠨᠡᠯᠲᠡ ᠦᠭᠡᠢ ᠠᠵᠤ ᠠᠬᠤᠶᠢᠯᠠᠯ ᠢ ᠴᠡᠪᠡᠷᠯᠡᠬᠦ ᠠᠯᠪᠠᠨ ᠵᠠᠷ
ᠨᠡᠶᠢᠲᠡᠯᠡᠭᠰᠡᠨ ᠴᠠᠭ᠄
2020/8/28
   ᠲᠣᠭᠲᠠᠭᠠᠭᠰᠠᠨ ᠬᠤᠭᠤᠴᠠᠭᠠᠨ ᠳᠤ ︵2019 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ︶ 2018 ᠤᠨ ᠤ ᠪᠠ 2019 ᠣᠨ ᠤ ᠣᠨ ᠤ ᠮᠡᠳᠡᠭᠦᠯᠦᠯᠲᠡ︵2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ︶ ᠪᠠᠨ ᠵᠠᠷᠯᠠᠨ ᠨᠡᠶᠢᠲᠡᠯᠡᠭᠰᠡᠨ ᠥᠬᠡᠶ ᠪᠦᠭᠡᠳ ᠤᠷᠲᠤ ᠬᠤᠭᠤᠴᠠᠭ᠎ᠠ ᠪᠠᠷ ᠠᠵᠢᠯ ᠢᠶᠠᠨ ᠵᠤᠭᠰᠤᠭᠠᠨ ᠣᠷᠣᠨ ᠰᠠᠭᠤᠴᠠ ︵ᠪᠤᠶᠤ ᠡᠵᠡᠩᠨᠡᠯᠲᠡ ᠶᠢᠨ ᠭᠠᠵᠠᠷ︶ ᠪᠠᠶᠢᠬᠤ ᠦᠭᠡᠢ᠂ ᠬᠠᠷᠢᠴᠠᠭ᠎ᠠ ᠬᠤᠯᠪᠣᠭ᠎ᠠ ᠠᠪᠬᠤ ᠶᠢᠨ ᠠᠷᠭ᠎ᠠ ᠦᠭᠡᠢ ᠳᠣᠤᠷ᠎ᠠ ᠵᠢᠭᠰᠠᠭᠠᠭᠰᠠᠨ ᠠᠵᠤ ᠠᠬᠤᠶᠢᠯᠠᠯ ᠤᠳ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾ ᠶᠢᠨ ᠬᠤᠶᠠᠷ ᠵᠠᠭᠤ ᠠᠷᠪᠠᠨ ᠨᠢᠭᠡᠳᠦᠭᠡᠷ ᠵᠦᠢᠯ᠂ ︽ᠺᠣᠮᠫᠠᠨᠢ ᠶᠢᠨ ᠲᠠᠩᠰᠠᠯᠠᠯᠳᠠ ᠶᠢᠨ ᠬᠠᠮᠢᠶᠠᠷᠤᠯᠲᠠ ᠶᠢᠨ ᠲᠦᠷᠢᠮ︾ ᠤᠨ ᠲᠠᠪᠢᠨ ᠳᠣᠯᠣᠳᠤᠭᠠᠷ ᠵᠦᠢᠯ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠦᠨ ᠤ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠠᠤᠯᠢ︾ ᠶᠢᠨ ᠭᠤᠴᠢᠨ ᠵᠢᠷᠭᠤᠳᠤᠭᠠᠷ ᠵᠦᠢᠯ ᠤᠨ ᠲᠣᠭᠲᠠᠭᠠᠯ ᠢ ᠵᠥᠷᠢᠴᠡᠵᠡᠶ᠃ ᠡᠳᠦᠭᠡ ᠲᠡᠳᠡᠭᠡᠷ ᠠᠵᠤ ᠠᠬᠤᠶᠢᠯᠠᠯ ᠳᠤ ᠲᠣᠰ ᠠᠯᠪᠠᠨ ᠵᠠᠷ ᠢ ᠨᠡᠶᠢᠲᠡᠯᠡᠵᠦ ᠬᠦᠷᠭᠡᠭᠰᠡᠨ ᠡᠳᠦᠷ ︵ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ ᠬᠦᠷᠭᠡᠭᠰᠠᠨ ᠢᠶᠠᠷ ᠦᠵᠡᠨ᠎ᠡ︶ ᠠᠴᠠ ᠡᠬᠢᠯᠡᠨ 15 ᠡᠳᠦᠷ ᠤᠨ ᠳᠣᠲᠣᠷ᠎ᠠ 2018 ᠤᠨ᠂ 2019 ᠣᠨ ᠤ ᠮᠡᠳᠡᠭᠦᠯᠦᠯᠲᠡ ᠪᠠᠨ ᠵᠠᠷᠯᠠᠨ ᠨᠡᠶᠢᠲᠡᠯᠡᠵᠦ᠂ ᠡᠭᠦᠨ ᠤ ᠬᠠᠮᠲᠤ ᠬᠠᠷᠠᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠭᠤᠷᠪᠠᠳᠤᠭᠠᠷ ᠳᠠᠪᠬᠤᠷ ᠤᠨ ᠠᠵᠤ ᠠᠬᠤᠶᠢᠯᠠᠯ ᠤᠨ ᠳᠡᠩᠰᠡᠯᠡᠨ ᠲᠡᠮᠳᠡᠭᠯᠡᠬᠦ ᠴᠣᠩᠬᠤᠨ ᠳᠤ ᠬᠦᠷᠴᠦ ᠰᠠᠭᠤᠭ᠎ᠠ ᠭᠠᠵᠠᠷ ︵ᠪᠤᠶᠤ ᠡᠵᠡᠩᠨᠡᠯᠲᠡ ᠶᠢᠨ ᠲᠠᠯᠠᠪᠤᠷ ᠭᠠᠵᠠᠷ︶ ᠤᠨ ᠬᠤᠪᠢᠷᠠᠭᠠᠨ ᠳᠡᠩᠰᠡᠯᠡᠯᠲᠡ ᠬᠢᠨ᠎ᠠ᠃ ᠬᠤᠭᠤᠴᠠᠭ᠎ᠠ ᠬᠡᠲᠦᠷᠡᠲᠡᠯ᠎ᠡ ᠮᠥᠨ ᠯᠡ ᠰᠢᠢᠳᠪᠦᠷᠢᠯᠡᠭᠰᠡᠨ ᠦᠭᠡᠢ ᠪᠠᠶᠢᠪᠠᠯ᠂ ᠮᠠᠨ ᠤ ᠲᠣᠪᠴᠢᠶ᠎ᠠ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠵᠠᠰᠠᠭ ᠵᠠᠬᠢᠷᠭᠠᠨ ᠤ ᠰᠢᠳᠬᠡᠯ ᠢ ᠬᠠᠤᠯᠢ ᠶᠣᠰᠣᠭᠠᠷ ᠭᠠᠷᠭᠠᠨ᠎ᠠ᠃    ᠬᠠᠷᠢᠯᠴᠠᠬᠤ ᠬᠥᠮᠦᠨ᠄ ᠰᠥᠩ ᠵᠧᠨ ᠬᠠᠶ    ᠵᠠᠩ ᠵᠢᠶᠠᠨ    ᠬᠠᠷᠢᠯᠴᠠᠬᠤ ᠤᠲᠠᠰᠤ᠄ 0476 — 3770812      ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ    2020 ᠣᠨ ᠤ 7 ᠰᠠᠷ᠎ᠠ ᠶᠢᠨ 29 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号