| | | | | ᠣᠳᠣᠬᠠᠨ ᠳᠤ᠂ ᠸᠠᠩ ᠤᠨ ᠣᠷᠳᠣᠨ ᠪᠠᠯᠭᠠᠰᠤ ᠨᠢ ᠪᠠᠰᠠ ᠨᠢᠭᠡ ᠪᠦᠯᠦᠭ ᠲᠥᠪᠡᠳ ᠬᠠᠰᠢ ᠪᠤᠯᠪᠠᠰᠤᠷᠠᠪᠠ᠃ | ᠮᠢᠩᠭᠠᠨ ᠮᠦ ᠲᠥᠪᠡᠳ ᠬᠠᠰᠢ ᠶᠢᠨ ᠫᠧᠩ ᠤᠨ ᠰᠠᠯᠠᠭ᠎ᠠ ᠮᠥᠴᠢᠷ ᠢ ᠵᠠᠰᠠᠵᠤ᠂ ᠬᠤᠷᠢᠶᠠᠨ ᠲᠡᠭᠦᠵᠦ᠂ | ᠪᠤᠭᠤᠳᠠᠯᠯᠠᠵᠤ ᠶᠠᠭᠠᠷᠠᠯᠳᠤᠨ᠎ᠠ ᠁ ᠭᠠᠵᠠᠷ ᠪᠣᠯᠭᠠᠨ ᠳᠤ ᠬᠦᠷ ᠬᠥᠭᠵᠢᠶᠡᠨ ᠢᠶᠠᠷ ᠪᠢᠯᠬᠠᠵᠤ᠂ ᠭᠠᠳᠠᠨ᠎ᠠ ᠣᠷᠣᠨ ᠤ | ᠢᠳᠡᠰᠢᠨ ᠨᠣᠭᠤᠭᠠ᠊ ᠶᠢᠨ ᠬᠤᠳᠠᠯᠳᠤᠭᠠᠴᠢᠨ ︽ᠳᠤᠮᠳᠠᠳᠤ ᠤᠯᠤᠰ ᠤᠨ ᠲᠥᠪᠡᠳ ᠬᠠᠰᠢ ᠶᠢᠨ ᠨᠤᠲᠤᠭ︾ ᠤᠨ ︽ | ᠠᠯᠳᠠᠨ ᠬᠠᠭᠤᠳᠠᠰᠤ︾ ᠶᠢ ᠣᠨᠣᠪᠴᠢᠲᠠᠢ ᠣᠯᠵᠤ ᠬᠠᠷᠠᠵᠠᠢ᠃ ᠠᠳᠡ ᠠᠴᠠ ᠰᠢᠨ᠎ᠡ ᠰᠣᠷᠭᠤᠭ ᠲᠥᠪᠡᠳ ᠬᠠᠰᠢ ᠶᠢ | ᠬᠠᠶᠢᠷᠴᠠᠭᠯᠠᠨ ᠰᠠᠪᠠᠯᠠᠵᠤ ᠲᠤᠮᠳᠠᠳᠤ ᠤᠯᠤᠰ ᠤᠨ ᠡᠯ᠎ᠡ ᠶᠡᠭᠡ ᠬᠤᠳᠠ ᠲᠡᠰᠢ ᠵᠥᠭᠡᠭᠡᠪᠦᠷᠢᠯᠡᠨ ᠠᠪᠠᠴᠢᠵᠤ ᠪᠠᠶᠢᠨ᠎ᠠ᠃ | | | | | | ᠸᠠᠩ ᠤᠨ ᠣᠷᠳᠣᠨ ᠪᠠᠯᠭᠠᠰᠤᠨ ᠤ ᠰᠢᠶᠠ ᠸᠠ ᠹᠠᠩ ᠲᠣᠰᠬᠤᠨ ᠤ ᠰᠢᠨ᠎ᠡ ᠰᠣᠷᠭᠤᠭ ᠪᠠᠶᠢᠯᠭᠠᠬᠤ ᠬᠦᠢᠲᠡᠨ | ᠬᠥᠮᠥᠷᠭᠡ ᠶᠢᠨ ᠡᠭᠦᠳᠡᠨ ᠳᠡᠭᠡᠷ᠎ᠡ᠂ ᠤᠷᠲᠤ ᠨᠢ 12 ᠠᠴᠠ 14 ᠮᠧᠲᠷ ᠤᠨ ᠬᠦᠨᠳᠦ ᠠᠴᠢᠶᠠᠨ ᠤ ᠬᠤᠶᠠᠷ ᠮᠠᠰᠢᠨ | ᠲᠡᠷᠭᠡ ᠶᠢ 3 ᠳ᠋ᠤᠭᠠᠷ ᠪᠣᠯᠤᠨ 9 ᠳ᠋ᠦ᠋ᠭᠡᠷ ᠬᠥᠮᠥᠷᠭᠡ ᠶᠢᠨ ᠡᠮᠦᠨ᠎ᠡ ᠵᠤᠭᠰᠤᠵᠤ᠂ ᠠᠷᠪᠠᠨ ᠬᠡᠳᠦᠨ ᠠᠵᠢᠯᠴᠢᠨ | ᠬᠦᠢᠲᠡᠨ ᠬᠥᠮᠥᠷᠭᠡ ᠪᠣᠯᠤᠨ ᠸᠠᠭᠤᠨ ᠳᠣᠲᠣᠷ᠎ᠠ ᠨᠠᠭᠠᠰᠢ ᠴᠠᠭᠠᠰᠢ ᠶᠠᠪᠤᠵᠤ᠂ ᠵᠢᠳᠬᠦᠭᠦᠷ ᠲᠡᠷᠭᠡ ᠪᠠᠷ ᠬᠠᠶᠢᠷᠴᠠᠭᠯᠠᠨ | ᠬᠥᠯᠳᠡᠭᠡᠭᠰᠡᠨ ᠲᠥᠪᠡᠳ ᠬᠠᠰᠢ ᠶᠢ ᠲᠡᠷᠭᠡᠨ ᠳᠤ ᠵᠡᠷᠭᠡᠯᠡᠨ ᠲᠠᠯᠪᠢᠵᠤ ᠪᠠᠶᠢᠭ᠎ᠠ ᠶᠢ ᠰᠤᠷᠪᠤᠯᠵᠢᠯᠠᠭᠴᠢ ᠬᠠᠷᠠᠯ᠎ᠠ᠃ | | | ᠰᠤᠷᠪᠤᠯᠵᠢᠯᠠᠭᠴᠢ ᠰᠢᠨ᠎ᠡ ᠰᠣᠷᠭᠤᠭ ᠪᠠᠶᠢᠯᠭᠠᠬᠤ ᠬᠦᠢᠲᠡᠨ ᠬᠥᠮᠥᠷᠭᠡ ᠶᠢᠨ ᠬᠠᠷᠢᠭᠤᠴᠠᠯᠭᠠᠲᠠᠨ ᠢᠦᠶ ᠴᠧᠩ | ᠯᠦᠩ ᠲᠠᠢ ᠠᠭᠤᠯᠵᠠᠵᠤ᠂ ᠯᠥᠩ ᠾᠦᠢ ᠵᠢᠮᠢᠰ ᠢᠳᠡᠰᠢᠨ ᠨᠣᠭᠤᠭ᠎ᠠ ᠶᠢᠨ ᠰᠢᠨ᠎ᠡ ᠰᠣᠷᠭᠤᠭ ᠢ ᠬᠠᠮᠠᠭᠠᠯᠠᠬᠤ | ᠺᠣᠮᠫᠠᠨᠢ ᠶᠢᠨ ᠬᠠᠷᠢᠭᠤᠴᠠᠯᠭᠠᠳᠠᠨ ᠪᠣᠯᠬᠤ ᠶᠢ ᠲᠡᠭᠦᠨ ᠲᠠᠢ ᠶᠠᠷᠢᠯᠴᠠᠵᠤ ᠣᠶᠢᠯᠠᠭᠠᠯ᠎ᠠ᠃ ᠣᠳᠣᠬᠠᠨ ᠳᠤ ᠬᠦᠢᠲᠡᠨ | ᠬᠥᠮᠥᠷᠭᠡ ᠶᠢᠨ ᠲᠠᠯᠠᠪᠠᠶ ᠨᠢ 2000 ᠲᠡᠭᠰᠢ ᠳᠥᠷᠪᠡᠯᠵᠢᠨ ᠮᠧᠲᠷ᠂ 10 ᠬᠥᠮᠥᠷᠭᠡ ᠲᠠᠢ᠂ ᠡᠳᠦᠷ ᠪᠦᠷᠢ ᠶᠢᠨ | ᠬᠥᠮᠥᠷᠭᠡ ᠠᠴᠠ ᠭᠠᠷᠭᠠᠬᠤ ᠬᠡᠮᠵᠢᠶ᠎ᠡ ᠨᠢ ᠳᠤᠮᠳᠠᠴᠢ ᠪᠠᠷ 300 ᠲᠣᠨ ᠬᠦᠷᠴᠦ ᠪᠠᠶᠢᠨ᠎ᠠ᠃ ᠣᠯᠠᠩᠬᠢ ᠨᠢ ᠡᠮᠦᠨᠡᠲᠦ | ᠣᠷᠣᠨ ᠤ ᠬᠤᠳᠠᠯᠳᠤᠭᠠᠴᠢᠨ ᠬᠤᠷᠢᠶᠠᠵᠤ ᠠᠪᠴᠢᠷᠠᠭᠰᠠᠨ ᠲᠥᠪᠡᠳ ᠬᠠᠰᠢ ᠪᠠᠨ ᠬᠦᠢᠲᠡᠨ ᠬᠦᠮᠦᠷᠭᠡ ᠳᠤ | ᠠᠪᠴᠢᠷᠠᠵᠤ ᠬᠦᠢᠲᠡᠨ ᠠᠭᠤᠷ ᠢᠶᠠᠷ ᠰᠢᠢᠳᠪᠦᠷᠢᠯᠡᠭᠰᠡᠨ ᠤ ᠳᠠᠷᠠᠭ᠎ᠠ᠂ ᠳᠠᠬᠢᠨ ᠡᠮᠦᠨᠡᠲᠦ ᠣᠷᠣᠨ ᠳᠤ ᠵᠥᠭᠡᠭᠡᠪᠦᠷᠢᠯᠡᠨ | ᠠᠪᠠᠴᠢᠵᠤ ᠪᠣᠷᠣᠯᠠᠭᠤᠯᠳᠠᠭ ᠭᠡᠵᠦ ᠪᠠᠶᠢᠪᠠ᠃ | | | | | | ᠣᠶᠢᠯᠠᠭᠠᠭᠰᠠᠨ ᠢᠶᠠᠷ᠂ ᠸᠠᠩ ᠤᠨ ᠣᠷᠳᠣᠨ ᠪᠠᠯᠭᠠᠰᠤᠨ ᠤ ᠦᠢᠯᠡᠳᠪᠦᠷᠢᠯᠡᠵᠦ ᠭᠠᠷᠭᠠᠭᠰᠠᠨ ᠬᠠᠲᠠᠭᠤ ᠵᠢᠮᠢᠰᠳᠤ | ᠲᠥᠪᠡᠳ ᠬᠠᠰᠢ ᠶᠢᠨ ᠬᠡᠯᠪᠡᠷᠢ ᠨᠢ ᠰᠠᠶᠢᠬᠠᠨ᠂ ᠴᠢᠨᠠᠷ ᠨᠢ ᠰᠢᠯᠢᠳᠡᠭ ᠪᠠᠶᠢᠵᠤ᠂ ᠭᠠᠳᠠᠭᠠᠳᠤ ᠣᠷᠴᠢᠨ ᠤ ᠶᠡᠭᠡ ᠵᠠᠬ᠎ᠠ | ᠳᠡᠯᠭᠡᠭᠦᠷ ᠤᠨ ᠬᠦᠷᠢᠶᠡᠯᠡᠯ ᠢ ᠶᠡᠬᠡᠳᠡ ᠣᠯᠵᠤ ᠪᠠᠶᠢᠨ᠎ᠠ᠃ ᠪᠦᠬᠦ᠋ᠢᠯᠡ ᠪᠠᠯᠭᠠᠰᠤᠨ ᠤ ᠵᠢᠮᠢᠰ ᠬᠠᠳᠠᠭᠠᠯᠠᠵᠤ | ᠪᠣᠷᠣᠯᠠᠭᠤᠯᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠵᠢᠮᠢᠰ ᠤᠨ ᠪᠣᠷᠣᠯᠠᠭᠤᠯᠭ᠎ᠠ ᠶᠢᠨ ᠤᠯᠠᠷᠢᠯ ᠢ | ᠤᠷᠲᠤᠳᠬᠠᠵᠤ᠂ ᠲᠤᠰ ᠪᠠᠯᠭᠠᠰᠤᠨ ᠤ ᠰᠢᠶᠠ ᠸᠠ ᠹᠠᠩ ᠲᠣᠰᠬᠤᠨ ᠳᠤ ᠪᠡᠯᠡ ᠣᠷᠣᠭᠤᠯᠵᠤ᠂ 2000 ᠲᠡᠭᠰᠢ | ᠳᠥᠷᠪᠡᠯᠵᠢᠨ ᠮᠧᠲᠷ ᠤᠨ ᠰᠢᠨ᠎ᠡ ᠰᠣᠷᠭᠤᠭ ᠪᠠᠶᠢᠯᠭᠠᠬᠤ ᠬᠦᠢᠲᠡᠨ ᠬᠥᠮᠥᠷᠭᠡ ᠪᠠᠶᠢᠭᠤᠯᠵᠠᠶ᠃ ᠬᠤᠳᠠᠯᠳᠤᠭᠠᠴᠢᠨ | ᠬᠤᠷᠢᠶᠠᠵᠤ ᠠᠪᠴᠢᠷᠠᠭᠰᠠᠨ ᠲᠥᠪᠡᠳ ᠬᠠᠰᠢ ᠶᠢ ᠬᠦᠢᠲᠡᠨ ᠬᠥᠮᠥᠷᠭᠡ ᠳᠤ ᠬᠦᠢᠲᠡᠨ ᠢᠶᠠᠷ ᠰᠢᠢᠳᠪᠦᠷᠢᠯᠡᠵᠦ᠂ | ᠲᠥᠪᠡᠳ ᠬᠠᠰᠢ ᠶᠢᠨ ᠲᠠᠷᠢᠶᠠᠨ ᠤ ᠬᠠᠯᠠᠭᠤᠨ ᠢ ᠰᠠᠷᠨᠢᠭᠤᠯᠵᠤ᠂ ᠠᠮᠢᠰᠬᠤᠯ ᠤᠨ ᠦᠢᠯᠡᠳᠦᠯ ᠢ ᠪᠠᠭᠠᠰᠬᠠᠨ᠎ᠠ᠃ | ᠬᠠᠲᠠᠭᠤ ᠵᠢᠮᠢᠰᠳᠤ ᠲᠥᠪᠡᠳ ᠬᠠᠰᠢ ᠶᠢ ᠭᠤᠸᠠᠩᠳᠦ᠋ᠩ ᠭᠤᠸᠠᠩᠰᠢ ᠶᠢᠨ ᠡᠮᠦᠨᠡᠲᠦ ᠣᠷᠣᠨ ᠳᠤ ᠵᠥᠭᠡᠭᠡᠪᠦᠷᠢᠯᠡᠵᠦ | ᠬᠦᠷᠬᠦ ᠶᠢ ᠪᠠᠲᠤᠯᠠᠵᠤ᠂ ᠨᠢᠭᠡ ᠲᠠᠯ᠎ᠠ ᠪᠠᠷ ᠬᠠᠲᠠᠭᠤ ᠵᠢᠮᠢᠰᠳᠤ ᠲᠥᠪᠡᠳ ᠬᠠᠰᠢ ᠶᠢᠨ ᠪᠣᠷᠣᠯᠠᠭᠤᠯᠭ᠎ᠠ ᠶᠢᠨ ᠵᠠᠮ ᠢ | ᠦᠷᠭᠡᠳᠭᠡᠨ᠂ ᠨᠦᠭᠦᠭᠡ ᠲᠠᠯ᠎ᠠ ᠪᠠᠷ ᠤᠯᠠᠷᠢᠯ ᠰᠥᠷᠬᠦ ᠪᠣᠷᠣᠯᠠᠭᠤᠯᠭ᠎ᠠ ᠬᠢᠵᠦ᠂ ᠤᠯᠠᠨ ᠲᠦᠮᠡᠨ ᠤ ᠣᠷᠣᠯᠭ᠎ᠠ ᠶᠢ | ᠨᠡᠮᠡᠭᠳᠡᠭᠦᠯᠵᠦ ᠪᠠᠶᠢᠨ᠎ᠠ᠃ | | | | ᠸᠠᠩ ᠤᠨ ᠣᠷᠳᠣᠨ ᠪᠠᠯᠭᠠᠰᠤᠨ ᠤ ᠰᠢᠶᠠ ᠸᠠ ᠹᠠᠩ ᠲᠣᠰᠬᠤᠨ ᠤ ᠨᠠᠮ ᠤᠨ ᠡᠭᠦᠷ ᠤᠨ ᠱᠦᠵᠢ ᠯᠢ ᠶᠦᠩ | ᠲᠠᠨᠢᠯᠴᠠᠭᠤᠯᠬᠤ ᠳᠠᠭᠠᠨ᠄ ︽ᠮᠠᠨ ᠤ ᠲᠣᠰᠬᠤᠨ 2016 ᠣᠨ ᠠᠴᠠ ᠡᠬᠢᠯᠡᠨ ᠬᠠᠲᠠᠭᠤ ᠵᠢᠮᠢᠰᠳᠤ ᠲᠥᠪᠡᠳ | ᠬᠠᠰᠢ ᠶᠢᠨ ᠠᠵᠤ ᠦᠢᠯᠡᠰ ᠢ ᠬᠥᠭᠵᠢᠭᠦᠯᠪᠡ᠃ ᠣᠳᠣᠬᠠᠨ ᠳᠤ ᠬᠠᠲᠠᠭᠤ ᠵᠢᠮᠢᠰᠳᠤ ᠲᠥᠪᠡᠳ ᠬᠠᠰᠢ ᠶᠢᠨ ᠠᠵᠤ | ᠦᠢᠯᠡᠰ 800 ᠭᠠᠷᠤᠶ ᠮᠥ ᠬᠦᠷᠴᠦ᠂ ᠲᠣᠰᠬᠤᠨ ᠤ ᠠᠷᠠᠳ ᠤᠨ ᠣᠷᠣᠯᠭ᠎ᠠ ᠡᠳᠦᠶ ᠲᠡᠳᠦᠶ ᠳᠡᠭᠡᠭᠰᠢᠯᠡᠵᠡᠶ᠃ ᠵᠠᠬ᠎ᠠ | ᠳᠡᠯᠭᠡᠭᠦᠷ ᠮᠠᠭᠤᠳᠠᠭᠰᠠᠨ ᠪᠠᠶᠢᠳᠠᠯ ᠳᠣᠣᠷ᠎ᠠ᠂ ᠬᠠᠲᠠᠭᠤ ᠵᠢᠮᠢᠰᠳᠤ ᠲᠥᠪᠡᠳ ᠬᠠᠰᠢ ᠶᠢ ᠬᠥᠮᠥᠷᠭᠡ ᠳᠤ ᠣᠷᠣᠭᠤᠯᠵᠤ | ᠬᠦᠢᠲᠡᠷᠡᠭᠦᠯᠦᠨ᠂ ᠵᠠᠬ᠎ᠠ ᠳᠡᠯᠭᠡᠭᠦᠷ ᠤᠨ ᠦᠨ᠎ᠡ ᠬᠠᠩᠰᠢ ᠰᠠᠶᠢᠨ ᠪᠣᠯᠤᠭᠰᠠᠨ ᠤ ᠳᠠᠷᠠᠭ᠎ᠠ᠂ ᠳᠠᠬᠢᠨ ᠵᠢᠶᠠᠩᠰᠦ᠂ | ᠵᠧᠵᠢᠶᠠᠩ᠂ ᠭᠤᠸᠠᠩᠵᠧᠦ ᠣᠷᠴᠢᠮ ᠵᠥᠭᠡᠭᠡᠪᠦᠷᠢᠯᠡᠨ ᠠᠪᠠᠴᠢᠵᠤ ᠪᠣᠷᠣᠯᠠᠭᠤᠯᠵᠤ᠂ ᠲᠣᠰᠬᠤᠨ ᠤ ᠠᠷᠠᠳ ᠤᠨ | ᠣᠷᠣᠯᠭ᠎ᠠ ᠶᠢ ᠪᠦᠲᠦᠮᠵᠢᠲᠡᠶ ᠨᠡᠮᠡᠭᠳᠡᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠴᠤ ᠡᠳᠦᠶ ᠲᠡᠳᠦᠶ | ᠳᠡᠭᠡᠭᠰᠢᠯᠡᠯᠲᠡ ᠲᠠᠢ ᠪᠣᠯᠪᠠ︾ ᠭᠡᠵᠦ ᠪᠠᠶᠢᠪᠠ᠃ | | | | | | | | | | | | | | |