ᠬᠠᠷᠠᠴᠢᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠬᠤᠷᠠᠯᠳᠤᠭᠠᠨ ᠤ ᠲᠣᠮᠢᠯᠠᠵᠤ ᠪᠠᠭᠤᠯᠭᠠᠬᠤ ᠨᠡᠷᠡᠰ
ᠨᠡᠶᠢᠲᠡᠯᠡᠭᠰᠡᠨ ᠴᠠᠭ᠄
2020/9/28
   ᠬᠠᠷᠠᠴᠢᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠬᠤᠷᠠᠯᠳᠤᠭᠠᠨ ᠤ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠨᠡᠷᠡᠰ ︵2020 ᠣᠨ ᠤ 8 ᠰᠠᠷ᠎ᠠ ᠶᠢᠨ 25 ᠤ ᠡᠳᠦᠷ ᠬᠠᠷᠠᠴᠢᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠬᠤᠷᠠᠯᠳᠤᠭᠠᠨ ᠠᠴᠠ ᠪᠠᠲᠤᠯᠠᠪᠠ︶    ᡂᠢ ᠶᠠ ᠯᠢᠩ ᠨᠥᠬᠦᠷ ᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠢᠨ ᠲᠤᠰᠢᠶᠠᠯ ᠢ ᠤᠭᠴᠠᠷᠠᠭᠤᠯᠬᠤ ᠪᠠᠷ ᠲᠣᠭᠲᠠᠪᠠ᠃ ᠲᠤᠰᠢᠶᠠᠯ ᠳᠤ ᠲᠣᠮᠢᠯᠠᠬᠤ ᠪᠠᠷ ᠲᠣᠭᠲᠠᠪᠠ᠃    ᠮᠠ ᠶᠦᠩ ᠭᠠᠩ ᠨᠥᠬᠦᠷ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠠᠷ ᠲᠤᠮᠢᠯᠠᠪᠠ᠃ᠮᠠ ᠶᠦᠩ ᠭᠠᠩ ᠨᠥᠬᠦᠷ ᠤᠨ ᠲᠣᠪᠴᠢ ᠨᠠᠮᠲᠠᠷᠮᠠ ᠶᠦᠩ ᠭᠠᠩ᠂ ᠡᠷᠡᠭᠲᠡᠶ᠂ ᠬᠢᠲᠠᠳ ᠦᠨᠳᠦᠰᠦᠲᠡᠨ᠂ 1981 ᠣᠨ ᠤ 4 ᠰᠠᠷ᠎ᠠ ᠳᠤ ᠲᠦᠷᠦᠵᠠᠢ᠂ ᠬᠠᠷᠠᠴᠢᠨ ᠬᠤᠰᠢᠭᠤᠨ ᠤ ᠨᠠᠷᠢᠨ ᠪᠠᠯᠭᠠᠰᠤᠨ ᠤ ᠬᠥᠮᠦᠨ᠃ 2005 ᠣᠨ ᠤ 7 ᠰᠠᠷ᠎ᠠ ᠳᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠢ ᠰᠢᠭᠤᠢ ᠶᠢᠨ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠠᠴᠠ ᠲᠡᠭᠦᠰᠪᠡ᠃ ᠪᠦᠬᠦᠯᠢ ᠡᠳᠦᠷ ᠤᠨ ᠳᠦᠷᠢᠮᠲᠦ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠠᠵᠤ ᠦᠢᠯᠡᠳᠪᠦᠷᠢ ᠶᠢᠨ ᠤᠬᠠᠭᠠᠨ ᠤ ᠤᠶᠤᠳᠠᠨ ᠴᠣᠯᠠ ᠲᠠᠢ᠃ 2013 ᠣᠨ ᠤ 1 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠠᠰᠫᠢᠷᠠᠨᠲ ᠢᠶᠠᠷ ᠲᠡᠭᠦᠰᠴᠡᠢ᠃ 2005 ᠣᠨ ᠤ 7 ᠰᠠᠷ᠎ᠠ ᠳᠤ ᠠᠵᠢᠯ ᠳᠤ ᠣᠷᠣᠵᠤ᠂ 2003 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ ᠤᠳᠤ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠢᠨ ᠲᠤᠰᠢᠶᠠᠯ ᠲᠠᠢ᠂ ᠪᠡᠶ᠎ᠡ ᠮᠠᠬᠠᠪᠣᠳ ᠡᠷᠡᠬᠦᠯ ᠴᠢᠭᠢᠷᠠᠭ ᠪᠠᠶᠢᠨ᠎ᠠ᠃2001.09 — 2005.07 ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠣᠶ ᠰᠢᠭᠤᠶ ᠶᠢᠨ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠳᠤ ᠰᠤᠷᠤᠯᠴᠠᠪᠠ︔2005.07 — 2005.11 ᠶᠤᠸᠠᠨ ᠪᠦᠦ ᠱᠠᠨ ᠲᠣᠭᠤᠷᠢᠭ ᠤᠨ ᠪᠠᠶᠢᠴᠠᠭᠠᠬᠤ ᠬᠤᠷᠢᠶᠠᠨ ᠤ ᠪᠢᠴᠢᠭᠡᠴᠢ︔2005.11 — 2006.06 ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠨᠠᠷᠢᠨ ᠪᠢᠴᠢᠭᠡᠴᠢ︔2006.06 — 2009.04 ᠶᠤᠸᠠᠨ ᠪᠦᠦ ᠱᠠᠨ ᠲᠣᠭᠤᠷᠢᠭ ᠤᠨ ᠹᠧᠩ ᠱᠦᠶ ᠭᠸᠦ ᠪᠠᠯᠭᠠᠰᠤᠨ ᠤ ᠨᠠᠮ ᠤᠨ ᠬᠤᠷᠢᠶᠠᠨ ᠤ ᠤᠬᠠᠭᠤᠯᠬᠤ ᠭᠡᠰᠢᠭᠦᠨ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ ᠶᠢᠨ ᠲᠤᠰᠠᠯᠠᠭᠴᠢ︔2009.04 — 2016.05 ᠶᠤᠸᠠᠨ ᠪᠦᠦ ᠱᠠᠨ ᠲᠣᠭᠤᠷᠢᠭ ᠤᠨ ᠹᠧᠩ ᠱᠦᠶ ᠭᠸᠦ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ︔2016.05 — 2016.11 ᠶᠤᠸᠠᠨ ᠪᠦᠦ ᠱᠠᠨ ᠲᠣᠭᠤᠷᠢᠭ ᠤᠨ ᠡᠤ ᠵᠢᠶᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ︔2016.11 — 2018.03 ᠶᠤᠸᠠᠨ ᠪᠦᠦ ᠱᠠᠨ ᠲᠣᠭᠤᠷᠢᠭ ᠤᠨ ᠹᠧᠩ ᠱᠦᠶ ᠭᠸᠦ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ︔2018.03 — 2020.08 ᠶᠤᠸᠠᠨ ᠪᠦᠦ ᠱᠠᠨ ᠲᠣᠭᠤᠷᠢᠭ ᠤᠨ ᠹᠧᠩ ᠱᠦᠶ ᠭᠸᠦ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠵᠢᠭᠠᠨ ᠵᠢᠯᠣᠭᠤᠳᠣᠭᠴᠢ᠂ ᠨᠠᠮ ᠣᠯᠠᠨ ᠲᠦᠮᠡᠨ ᠤ  ᠦᠢᠯᠡᠴᠢᠯᠡᠭᠡᠨ ᠤ ᠲᠥᠪ ᠤᠨ ᠡᠷᠬᠢᠯᠡᠭᠴᠢ︔ 2020.08 —   ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号