ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠦ ᠰᠢᠤ ᠴᠢᠩ ᠶᠠᠳᠠᠭᠤ ᠬᠦᠴᠢᠷᠳᠡᠯᠲᠡᠶ ᠲᠣᠰᠬᠤᠨ ᠳᠤ ᠭᠦᠨᠵᠡᠭᠡᠶᠢᠷᠡᠨ ᠨᠠᠮ ᠤᠨ ᠪᠠᠶᠢᠭᠤᠯᠤᠯᠲᠠ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020/9/28
   ᠣᠶᠢᠷ᠎ᠠ ᠳᠤ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠦ ᠰᠢᠤ ᠴᠢᠩ ᠨᠡᠷ ᠮᠡᠶᠢᠷᠡᠨ ᠪᠠᠯᠭᠠᠰᠤᠨ ᠤ ᠶᠢᠨ ᠵᠢᠶᠠ ᠳ᠋ᠢᠶᠠᠨ ᠲᠣᠰᠬᠤᠨ᠂ ᠳᠧᠦ ᠪᠠ ᠾᠦᠸᠧ ᠲᠣᠰᠬᠤᠨ ᠳᠤ ᠬᠦᠷᠴᠦ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠡᠷᠭᠢᠨ ᠦᠵᠡᠵᠦ᠂ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠲᠣᠬᠤᠨᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃

  ᠯᠦ ᠰᠢᠤ ᠴᠢᠩ ᠵᠢᠭᠠᠬᠤ ᠳᠠᠭᠠᠨ᠂ ᠶᠠᠳᠠᠭᠤ ᠶᠢ ᠲᠡᠳᠬᠦᠬᠦ ᠪᠣᠯᠤᠨ ᠨᠠᠮ ᠤᠨ ᠪᠠᠶᠢᠭᠤᠯᠤᠯᠲᠠ ᠶᠢ ᠵᠡᠷᠭᠡᠪᠡᠷ

ᠠᠬᠢᠭᠤᠯᠬᠤ ᠬᠡᠷᠡᠭᠲᠡᠶ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠬᠡᠷᠡᠭᠵᠢᠭᠦᠯᠦᠯᠲᠡ ᠶᠢ ᠪᠥᠬᠦ

ᠬᠦᠴᠦᠨ ᠢᠶᠠᠷ ᠢᠶᠠᠨ ᠠᠬᠢᠭᠤᠯᠬᠤ ᠶᠢᠨ ᠬᠠᠮᠳᠤ ᠨᠠᠩ ᠴᠤ ᠦᠨᠳᠦᠰᠦᠨ ᠱᠠᠲᠤᠨ ᠤ ᠨᠠᠮ ᠤᠨ ᠵᠣᠬᠢᠶᠠᠨ

ᠪᠠᠶᠢᠭᠤᠯᠤᠯᠲᠠ ᠶᠢᠨ ᠴᠣᠭᠴᠠᠯᠠᠯᠲᠠ ᠶᠢ ᠠᠳᠬᠤᠵᠤ᠂ ᠶᠠᠳᠠᠭᠤ ᠶᠢ ᠲᠡᠳᠬᠦᠬᠦ ᠶᠢᠨ ᠲᠣᠭᠤᠷᠢᠨ ᠳᠤ ᠨᠠᠮ ᠤᠨ

ᠪᠠᠶᠢᠭᠤᠯᠤᠯᠲᠠ ᠶᠢ ᠠᠳᠬᠤᠵᠤ᠂ ᠨᠠᠮ ᠤᠨ ᠪᠠᠶᠢᠭᠤᠯᠤᠯᠲᠠ ᠶᠢ ᠰᠠᠶᠢᠳᠤᠷ ᠠᠳᠬᠤᠵᠤ ᠶᠠᠳᠠᠭᠤ ᠶᠢ ᠲᠡᠳᠬᠦᠬᠦ ᠶᠢ

ᠠᠬᠢᠭᠤᠯᠬᠤ ᠶᠢ ᠪᠠᠷᠢᠮᠲᠠᠯᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠦᠨᠳᠦᠰᠦᠨ ᠱᠠᠲᠤᠨ ᠤ ᠨᠠᠮ ᠤᠨ

ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠨᠠᠮ ᠤᠨ ᠪᠠᠶᠢᠭᠤᠯᠤᠯᠲᠠ ᠶᠢᠨ ᠡᠬᠢ

ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠵᠤ᠂ ᠶᠠᠳᠠᠭᠤ ᠬᠦᠴᠢᠷᠳᠡᠯᠲᠡᠶ ᠲᠣᠰᠬᠤᠨ ᠤ ᠬᠥᠮᠦᠨ ᠡᠳ᠋ ᠪᠣᠳᠠᠰ ᠤᠨ

ᠬᠠᠮᠤᠭ ᠤᠨ ᠰᠢᠯᠢᠳᠡᠭ ᠲᠣᠬᠢᠷᠠᠭᠤᠯᠤᠯᠲᠠ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠶᠠᠳᠠᠭᠤ ᠶᠢ ᠲᠡᠳᠬᠦᠬᠦ

ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠳᠡᠢ᠃ ᠨᠠᠮ ᠤᠨ ᠪᠠᠶᠢᠭᠤᠯᠤᠯᠲᠠ ᠪᠣᠯᠤᠨ

ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠶᠢ ᠭᠦᠨᠵᠡᠭᠡᠢ ᠠᠭᠤᠰᠤᠯᠴᠠᠭᠤᠯᠵᠤ᠂ ᠪᠠᠯᠭᠠᠰᠤ ᠭᠠᠴᠠᠭᠠᠨ ᠤ ᠺᠠᠳ᠋ᠷ ᠤᠨ

︽ᠲᠦᠰᠢᠭ ᠲᠤᠯᠭᠠᠭᠤᠷᠢ︾ ᠶᠢᠨ ᠦᠢᠯᠡᠳᠦᠯ ᠢ ᠴᠢᠩᠭᠠᠳᠬᠠᠵᠤ᠂ ᠨᠠᠮ ᠤᠨ ᠪᠠᠶᠢᠭᠤᠯᠤᠯᠳᠠ ᠪᠠᠷ ᠨᠠᠷᠢᠯᠢᠭ

ᠣᠨᠣᠴᠠᠲᠠᠶ ᠪᠠᠷ ᠶᠠᠳᠠᠭᠤ ᠶᠢ ᠲᠡᠳᠬᠦᠬᠦ ᠠᠵᠢᠯ ᠢ ᠲᠦᠯᠬᠢᠨ ᠠᠬᠢᠭᠤᠯᠵᠤ ᠪᠣᠳᠠᠲᠤ ᠦᠷ᠎ᠡ ᠪᠦᠳᠦᠮᠵᠢ ᠤᠯᠬᠤ

ᠬᠡᠷᠡᠭᠲᠡᠶ ᠭᠡᠪᠡ᠃

   ᠯᠦ ᠰᠢᠤ ᠴᠢᠩ ᠴᠢᠬᠤᠯᠠᠴᠢᠯᠠᠭᠰᠠᠨ ᠨᠢ᠂ 2020 ᠤᠨ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ

ᠰᠢᠪᠲᠤᠯᠬᠤ ᠶᠢᠨ ᠡᠴᠦᠰ ᠤᠨ ᠵᠢᠯ ᠪᠣᠯᠤᠨ᠎ᠠ᠂ ᠨᠢᠭᠡᠳᠦᠭᠡᠷ ᠱᠦᠵᠢ ᠵᠢᠴᠢ ᠲᠣᠰᠬᠤᠨ ᠤ ᠺᠠᠳ᠋ᠷ ᠤᠨᠢᠨ ᠳᠡᠭᠡᠷ᠎ᠡ ᠨᠢ

ᠶᠠᠳᠠᠭᠤ ᠶᠢ ᠲᠡᠳᠬᠦᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠯ᠎ᠡ ᠵᠦᠢᠯ ᠤᠨ ᠠᠵᠢᠯ ᠤᠨ

ᠡᠭᠦᠷᠭᠡ ᠪᠠᠨ ᠴᠢᠨᠠᠷ ᠢ ᠪᠠᠲᠤᠯᠠᠨ ᠪᠡᠶᠡᠯᠡᠭᠦᠯᠬᠦ ᠬᠡᠷᠡᠭᠳᠡᠢ ᠭᠡᠪᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号