ᠬᠠᠷᠠᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠪᠢ ᠨᠤᠲᠤᠭ ᠢ ᠪᠠᠨ ᠣᠷᠣᠯᠠᠨ ᠥᠭᠦᠯᠡᠬᠦ · ᠰᠦᠯᠵᠢᠶᠡᠨ ᠤ ᠤᠳᠤᠨ ᠰᠢᠭᠤᠳ ᠨᠡᠪᠲᠡᠷᠡᠭᠦᠯᠭᠡ ᠶᠢᠨ ᠤᠷᠤᠯᠳᠤᠭᠠᠨ︾ ᠤ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2020/9/28

   ᠣᠶᠢᠷ᠎ᠠ ᠳᠤ᠂ ︽ᠪᠢ ᠨᠤᠲᠤᠭ ᠢ ᠪᠠᠨ ᠣᠷᠣᠯᠠᠨ ᠥᠭᠦᠯᠡᠬᠦ · ᠰᠦᠯᠵᠢᠶᠡᠨ ᠤ ᠤᠳᠤᠨ ᠰᠢᠭᠤᠳ

ᠨᠡᠪᠲᠡᠷᠡᠭᠦᠯᠭᠡ ᠶᠢᠨ ᠤᠷᠤᠯᠳᠤᠭᠠᠨ︾ ᠨᠢ ᠮᠠᠨ ᠤ ᠬᠤᠰᠢᠭᠤᠨ ᠤ ᠸᠠᠩ ᠤᠨ ᠣᠷᠳᠣᠨ ᠪᠠᠯᠭᠠᠰᠤᠨ ᠳᠤ ᠲᠡᠭᠦᠰ

ᠠᠮᠵᠢᠯᠲᠠ ᠲᠠᠢ ᠥᠨᠳᠥᠷᠯᠡᠪᠡ᠃ ᠲᠣᠰ ᠤᠳᠠᠭᠠᠨ ᠤ ᠤᠷᠤᠯᠳᠤᠭᠠᠨ ᠢ ᠬᠠᠷᠠᠴᠢᠨ ᠬᠤᠰᠢᠭᠤᠨ ᠤ ᠠᠵᠤ ᠦᠢᠯᠡᠳᠪᠦᠷᠢ

ᠪᠠ ᠮᠡᠳᠡᠭᠡ ᠵᠠᠩᠭᠢᠵᠢᠯᠲᠠ ᠶᠢᠨ ᠲᠤᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠭᠤᠤᠯᠯᠠᠨ ᠡᠷᠭᠢᠯᠡᠵᠦ

᠂ ᠬᠠᠷᠠᠴᠢᠨ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ

ᠲᠥᠪ ᠳᠠᠭᠠᠭᠠᠴᠢᠯᠠᠨ ᠡᠷᠭᠢᠯᠡᠪᠡ᠃ ᠳᠡᠳ᠋ ᠬᠤᠰᠢᠭᠤᠨ ᠳᠠᠷᠤᠭ᠎ᠠ ᠵᠠᠩ ᠯᠢ ᠴᠢᠶᠦ᠋ᠨ ᠣᠷᠣᠯᠴᠠᠪᠠ᠃

   ᠵᠠᠩ ᠯᠢ ᠴᠢᠶᠦ᠋ᠨ ᠵᠢᠭᠠᠵᠤ ᠭᠠᠷᠭᠠᠭᠰᠠᠨ ᠨᠢ᠄ ᠢᠨᠲ᠋ᠤᠷ ᠰᠦᠯᠵᠢᠶᠡᠨ ᠤ ᠲᠣᠭᠠᠴᠢᠯᠠᠭᠰᠠᠨ ᠮᠡᠷᠭᠡᠵᠢᠯ ᠤᠨ

ᠳᠡᠭᠡᠳᠦ ᠬᠡᠮᠵᠢᠶ᠎ᠡ ᠪᠠᠷ ᠬᠥᠭᠵᠢᠬᠦ ᠶᠢ ᠳᠠᠭᠠᠯᠳᠤᠨ᠂ ᠰᠢᠭᠤᠳ ᠨᠡᠪᠲᠡᠷᠡᠭᠦᠯᠬᠦ ᠠᠵᠢᠯ ᠲᠥᠷᠥᠯ ᠦᠳᠲᠡᠷ ᠲᠦᠷᠭᠡᠨ

ᠬᠥᠭᠵᠢᠵᠦ ᠪᠤᠵᠠᠭᠠᠶᠢᠷᠠᠪᠠ᠃ ᠰᠦᠯᠵᠢᠶᠡᠨ ᠤ ᠤᠳᠤᠨ ᠤ ᠭᠤᠣᠯ ᠨᠡᠪᠲᠡᠷᠡᠭᠦᠯᠦᠭᠴᠢ ᠪᠤᠯᠬᠤ ᠪᠠ ᠰᠢᠭᠤᠳ

ᠨᠡᠪᠲᠡᠷᠡᠭᠦᠯᠭᠡ ᠠᠴᠠ ᠪᠤᠢ ᠪᠣᠯᠤᠭᠰᠠᠨ ᠠᠵᠤ ᠠᠬᠤᠶ ᠨᠥᠯᠥᠭᠡᠯᠡᠯ ᠨᠢ ᠵᠠᠬ᠎ᠠ ᠳᠡᠯᠭᠡᠭᠦᠷ ᠲᠤ ᠲᠦᠷᠭᠡᠨ ᠳᠡᠯᠭᠡᠷᠡᠵᠦ᠂ ︽

ᠰᠢᠭᠤᠳ ᠨᠡᠪᠲᠡᠷᠡᠭᠦᠯᠭᠡ + ᠪᠠᠷᠠᠭ᠎ᠠ ᠬᠤᠳᠠᠯᠳᠤᠬᠤ︾ ᠬᠥᠭᠵᠢᠯᠲᠡ ᠶᠢᠨ ᠵᠠᠭᠪᠤᠷ ᠤᠨ ᠳᠠᠯᠳᠠ ᠬᠦᠴᠦᠨ ᠯᠤᠲᠤ

ᠶᠡᠭᠡ ᠪᠠᠶᠢᠨ᠎ᠠ᠃ ᠸᠠᠩ ᠤᠨ ᠣᠷᠳᠣᠨ ᠪᠠᠯᠭᠠᠰᠤᠨ ᠤ ᠭᠠᠵᠠᠷ ᠤᠨ ᠠᠰᠢᠭ᠂ ᠡᠬᠢ ᠪᠠᠶᠠᠯᠢᠭ ᠪᠠ ᠬᠥᠮᠦᠨ ᠤ

ᠬᠦᠴᠦᠨ ᠤ ᠳᠠᠪᠠᠭᠤᠯᠢᠭ ᠲᠤ ᠲᠦᠰᠢᠭᠯᠡᠨ᠂ ᠸᠠᠩ ᠤᠨ ᠣᠷᠳᠣᠨ ᠪᠠᠯᠭᠠᠰᠤ ᠪᠠᠷ ᠲᠥᠪ ᠪᠣᠯᠭᠠᠭᠰᠠᠨ ᠪᠢᠴᠢᠯ

ᠬᠤᠳᠠᠯᠳᠤᠭᠠᠨ ᠤ ᠵᠢᠱᠢᠶ᠎ᠡ ᠦᠵᠡᠭᠦᠯᠬᠦ ᠲᠣᠰᠬᠤᠨ ᠢ ᠪᠦᠳᠦᠭᠡᠨ ᠪᠠᠶᠢᠭᠤᠯᠵᠤ᠂ ᠪᠢᠴᠢᠯ ᠬᠤᠳᠠᠯᠳᠤᠭᠠᠨ ᠤ

ᠲᠣᠰᠬᠤᠨ ᠤ ᠨᠡᠷᠡᠲᠦ ᠲᠡᠮᠳᠡᠭ ᠢ ᠡᠭᠦᠳᠴᠦ᠂ ᠲᠣᠰ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠢ ᠡᠮᠬᠢᠯᠡᠨ

ᠨᠡᠶᠢᠯᠡᠭᠦᠯᠵᠦ᠂ ᠲᠣᠰ ᠭᠠᠵᠠᠷ ᠤᠨ ᠣᠨᠴᠠᠯᠢᠭ ᠪᠦᠬᠦᠢ ᠦᠢᠯᠡᠳᠬᠦᠨ᠂ ᠲᠣᠰ ᠭᠠᠵᠠᠷ ᠤᠨ ᠰᠣᠶᠣᠯ ᠵᠢᠭᠤᠯᠴᠢᠯᠠᠯ ᠤᠨ

ᠰᠣᠶᠣᠯ ᠢ ᠳᠡᠯᠭᠡᠷᠡᠭᠦᠯᠵᠦ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠬᠡᠷᠡᠭᠲᠡᠶ᠃

ᠦᠷᠭᠦᠯᠵᠢᠯᠡᠨ ᠮᠦᠷᠳᠡᠨ ᠲᠠᠭᠠᠵᠥ᠂ ᠯᠠᠪᠳᠠᠭᠤᠨ ᠢᠶᠠᠷ ᠳᠡᠯᠭᠡᠷᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ

ᠰᠢᠪᠳᠤᠯᠬᠤ ᠰᠢᠢᠳᠪᠦᠷᠢᠲᠦ ᠢᠯᠠᠯᠲᠠ ᠶᠢ ᠤᠯᠬᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠨᠡᠩ

ᠶᠡᠭᠡ ᠬᠤᠪᠢ ᠨᠡᠮᠡᠷᠢ ᠦᠵᠡᠭᠦᠯᠰᠦᠭᠡᠢ︕

    ᠲᠤᠬᠠᠶ ᠶᠢᠨ ᠲᠠᠯᠠᠪᠠᠢ ᠳᠤ ᠠᠷᠪᠠᠨ ᠬᠡᠳᠦᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠲᠡᠯᠭᠡᠵᠦ᠂

ᠣᠯᠠᠨ ᠰᠦᠯᠵᠢᠶᠡᠨ ᠤ ᠰᠢᠭᠤᠳ ᠨᠡᠪᠲᠡᠷᠡᠭᠦᠯᠦᠭᠴᠢ ᠲᠤᠰ ᠤᠷᠤᠯᠳᠤᠭᠠᠨ ᠳᠤ ᠣᠷᠣᠯᠴᠠᠵᠤ᠂ ᠬᠦᠩᠭᠢᠨᠡᠮ᠎ᠡ ᠳᠠᠭᠤ᠂

ᠬᠤᠷᠳᠤᠨ ᠭᠠᠷ ᠵᠡᠷᠭᠡ ᠰᠢᠭᠤᠳ ᠨᠡᠪᠲᠡᠷᠡᠭᠦᠯᠭᠡ ᠶᠢᠨ ᠲᠠᠪᠴᠠᠩ ᠢᠶᠠᠷ ᠳᠠᠮᠵᠢᠭᠤᠯᠤᠨ ᠬᠠᠷᠠᠴᠢᠨ ᠬᠤᠰᠢᠭᠤᠨ ᠤ ᠡᠯ᠎ᠡ

ᠲᠥᠷᠥᠯ ᠤᠨ ᠲᠠᠷᠢᠶᠠᠯᠠᠩ ᠤᠨ ᠪᠦᠲᠦᠭᠡᠭᠳᠡᠬᠦᠨ ᠢ ᠶᠡᠭᠡ ᠪᠠᠷ ᠲᠠᠨᠢᠯᠴᠠᠭᠤᠯᠤᠨ ᠪᠤᠷᠤᠯᠠᠭᠤᠯᠪᠠ᠂ 5000 ᠤᠳᠠᠭ᠎ᠠ  

ᠤᠷᠮ᠎ᠠ ᠬᠠᠶᠢᠷᠠᠯᠠᠵᠤ᠂ 2 ᠴᠠᠭ ᠤᠨ ︽ᠰᠦᠯᠵᠢᠶᠡᠨ ᠤ ᠰᠢᠭᠤᠳ ᠨᠡᠪᠲᠡᠷᠡᠭᠦᠯᠭᠡ ᠪᠠᠷᠠᠭ᠎ᠠ ᠠᠪᠴᠤ ᠶᠠᠪᠤᠬᠤ︾

ᠮᠥᠷᠦ᠋ᠢᠴᠡᠭᠡ ᠪᠠᠷ ᠳᠡᠮᠵᠢᠨ᠂ ᠡᠴᠦᠰ ᠲᠡᠭᠡᠨ ᠨᠢᠭᠡᠳᠦᠭᠡᠷ ᠳᠡᠰ ᠤᠨ ᠱᠠᠩᠨᠠᠯ 1 ᠨᠡᠷ᠎ᠡ᠂ ᠬᠤᠶᠠᠳᠤᠭᠠᠷ ᠳᠡᠰ ᠤᠨ

ᠱᠠᠩᠨᠠᠯ 2 ᠨᠡᠷ᠎ᠡ᠂ ᠭᠤᠷᠪᠠᠳᠤᠭᠠᠷ ᠳᠡᠰ ᠤᠨ ᠱᠠᠩᠨᠠᠯ 3 ᠨᠡᠷ᠎ᠡ ᠰᠢᠯᠭᠠᠷᠠᠭᠤᠯᠪᠠ᠃ ᠤᠷᠤᠯᠳᠤᠭᠠᠨ ᠤ ᠨᠢᠭᠡᠳᠦᠭᠡᠷ

ᠳᠡᠰ ᠤᠨ ᠱᠠᠩᠨᠠᠯ ᠬᠦᠷᠲᠡᠭᠴᠢ ᠸᠠᠩ ᠬᠤᠩ ᠶᠠᠨ ᠰᠢᠭᠤᠳ ᠨᠡᠪᠲᠡᠷᠡᠭᠦᠯᠭᠡ ᠶᠢᠨ ᠬᠤᠭᠤᠴᠠᠭᠠᠨ ᠳᠤ ᠳᠤ ᠲᠦᠷᠭᠡᠨ

ᠨᠡᠪᠲᠡᠷᠡᠭᠦᠯᠦᠭᠴᠢ ᠶᠢᠨ ᠨᠢᠭᠡᠳᠦᠭᠡᠷ ᠳᠡᠰ ᠤᠨ ᠰᠠᠶᠢᠨ ᠬᠢᠷᠢ ᠪᠦᠲᠦᠮᠵᠢ ᠶᠢ ᠡᠭᠦᠳᠪᠡ᠃

ᠬᠠᠷᠠᠴᠢᠨ ᠬᠤᠰᠢᠭᠤᠨ ᠤ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠥᠪᠡᠷ ᠤᠨ

ᠲᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠡᠯᠧᠺᠲᠷᠣᠨ ᠬᠤᠳᠠᠯᠳᠤᠭ᠎ᠠ + ᠢᠨᠲ᠋ᠧᠷ ᠰᠦᠯᠵᠢᠶ᠎ᠡ︾ ᠶᠢᠨ

ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠬᠠᠭᠤᠯᠪᠤᠷᠢᠯᠠᠵᠤ ᠪᠣᠯᠬᠤ ᠡᠯᠧᠺᠲᠷᠣᠨ ᠬᠤᠳᠠᠯᠳᠤᠭ᠎ᠠ ᠪᠠᠷ

ᠶᠠᠳᠠᠭᠤ ᠶᠢ ᠲᠡᠳᠬᠦᠬᠦ ᠠᠵᠢᠯ ᠤᠨ ᠰᠢᠨ᠎ᠡ ᠵᠠᠭᠪᠤᠷ ᠢ ᠪᠦᠷᠢᠯᠳᠦᠭᠦᠯᠵᠦ᠂ ᠬᠠᠷᠠᠴᠢᠨ ᠬᠤᠰᠢᠭᠤᠨ ᠤ ᠡᠯᠧᠺᠲᠷᠣᠨ

ᠬᠤᠳᠠᠯᠳᠤᠭᠠᠨ ᠤ ᠬᠥᠭᠵᠢᠯᠲᠡ ᠶᠢ ᠲᠦᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ

ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠮᠠᠨᠳᠤᠭᠤᠯᠬᠤ ᠶᠢ ᠠᠬᠢᠭᠤᠯᠵᠦ ᠪᠠᠶᠢᠨ᠎ᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号