ᠭᠤᠤ ᠰᠢ ᠬᠤᠸᠠ ︽ᠵᠣᠷᠯᠣᠩ ᠤᠨ ᠬᠤᠪᠢᠰᠬᠠᠯ︾ ᠤᠨ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/28

   ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠰᠢ ᠬᠤᠸᠠ ᠮᠠᠨ ᠤ ᠬᠤᠰᠢᠭᠤᠨ ᠤ ︽

ᠵᠣᠷᠯᠣᠩ ᠤᠨ ᠬᠤᠪᠢᠰᠬᠠᠯ︾ ᠤᠨ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃

   ᠭᠤᠤ ᠰᠢ ᠬᠤᠸᠠ ᠵᠢᠭᠠᠵᠤ ᠭᠠᠷᠭᠠᠭᠰᠠᠨ ᠨᠢ᠂ ︽ᠵᠣᠷᠯᠣᠩ ᠤᠨ ᠬᠤᠪᠢᠰᠬᠠᠯ︾ ᠢ ᠠᠬᠢᠭᠤᠯᠬᠤ ᠪᠣᠯ ᠲᠥᠪ

ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ

ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠶᠡᠭᠡ ᠱᠠᠭᠠᠷᠳᠠᠯᠭ᠎ᠠ ᠮᠥᠨ᠂ ᠬᠥᠳᠡᠭᠡ

ᠲᠣᠰᠬᠤᠨ ᠢ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠡᠶᠡᠯᠡᠭᠦᠯᠬᠦ ᠶᠢᠨ ᠬᠠᠮᠤᠭ ᠤᠨ ᠰᠠᠭᠤᠷᠢ ᠬᠡᠰᠡᠭ ᠮᠥᠨ᠂

ᠠᠷᠠᠳ ᠤᠨ ᠠᠮᠢᠳᠤᠷᠠᠯ ᠤᠨ ᠨᠢᠭᠡᠨ ᠴᠢᠬᠤᠯᠠ ᠢᠨᠵᠧᠨᠧᠷᠢᠩ ᠮᠥᠨ᠃ ᠪᠦᠬᠦ ᠬᠤᠰᠢᠭᠤ ᠳᠠᠶᠠᠭᠠᠷ ᠡᠷᠬᠡᠪᠰᠢ ︽

ᠵᠣᠷᠯᠣᠩ ᠤᠨ ᠬᠤᠪᠢᠰᠬᠠᠯ︾ ᠤᠨ ᠠᠵᠢᠯ ᠢ ᠲᠦᠷᠭᠡᠳᠬᠡᠨ ᠠᠬᠢᠭᠤᠯᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ

ᠢ ᠭᠦᠢᠴᠡᠳ ᠲᠠᠨᠢᠬᠤ ᠬᠡᠷᠡᠭᠲᠡᠢ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠳ

ᠬᠠᠷᠢᠭᠤᠴᠠᠯᠭ᠎ᠠ ᠪᠠᠨ ᠲᠤᠳᠤᠷᠬᠠᠶᠢᠯᠠᠵᠤ᠂ ᠦᠨᠡᠨᠬᠦ ᠠᠳᠬᠤᠵᠤ ᠪᠣᠳᠠᠲᠠᠶ ᠠᠵᠢᠯᠯᠠᠬᠤ ᠬᠡᠷᠡᠭᠲᠡᠶ᠂ ᠨᠠᠩ ᠣᠯᠠᠨ ᠴᠠᠭ

ᠪᠠ ᠣᠶᠤᠨ ᠴᠢᠳᠠᠯ ᠢᠶᠠᠨ ᠵᠠᠷᠤᠴᠠᠭᠤᠯᠵᠤ᠂ ᠬᠠᠷᠠᠯᠲᠠ ᠡᠭᠦᠷᠭᠡ ᠪᠠᠨ ᠴᠢᠩᠭ᠎ᠠ ᠠᠳᠬᠤᠨ ᠨᠠᠶᠢᠳᠠᠪᠤᠷᠢᠵᠢᠭᠤᠯᠬᠤ ᠶᠢ

ᠠᠳᠬᠤᠵᠤ᠂ ᠭᠤᠤᠯᠳᠠᠯᠭ᠎ᠠ ᠲᠠᠢ ᠡᠭᠦᠷᠭᠡ ᠂ ᠪᠣᠳᠠᠲᠤ ᠦᠷ᠎ᠡ ᠪᠦᠲᠦᠮᠵᠢ᠂ ᠴᠠᠭ ᠤᠨ ᠴᠢᠬᠤᠯᠠ ᠦᠶ᠎ᠡ ᠶᠢ ᠴᠢᠩᠭ᠎ᠠ

ᠠᠳᠬᠤᠨ ᠠᠬᠢᠭᠤᠯᠵᠤ᠂ ᠬᠥᠳᠡᠭᠡ ᠲᠣᠰᠬᠤᠨ ᠤ ︽ᠵᠣᠷᠯᠣᠩ ᠤᠨ ᠬᠤᠪᠢᠰᠬᠠᠯ︾ ᠤᠨ ᠪᠣᠳᠠᠲᠤ ᠦᠷ᠎ᠡ ᠪᠦᠲᠦᠮᠵᠢ

ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃

   ᠭᠤᠤ ᠰᠢ ᠬᠤᠸᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ

ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠪᠠᠨ‌‍ᠴᠢᠩᠭᠠᠳᠬᠠᠨ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂

ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠳᠬᠤᠵᠤ᠂ ᠳᠣᠲᠣᠷ᠎ᠠ ᠪᠠᠨ ᠲᠤᠭ᠎ᠠ ᠲᠠᠢ ᠪᠠᠶᠢᠵᠤ᠂ ᠡᠭᠦᠷᠭᠡ

ᠬᠠᠷᠢᠭᠤᠴᠠᠯᠭ᠎ᠠ  ᠪᠠᠨ ᠡᠭᠦᠷᠭᠡᠯᠡᠬᠦ ᠬᠡᠷᠡᠭᠳᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠦᠵᠡᠯ

ᠰᠠᠨᠠᠭ᠎ᠠ ᠶᠢ ᠢᠮᠠᠭᠲᠠ ᠪᠠᠷᠢᠮᠲᠠᠯᠠᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠮᠠᠨ ᠤ ᠬᠤᠰᠢᠭᠤᠨ ᠤ ︽

ᠵᠣᠷᠯᠣᠩ ᠤᠨ ᠬᠤᠪᠢᠰᠬᠠᠯ︾ ᠢ ᠠᠬᠢᠭᠤᠯᠬᠤ ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠭᠦᠨᠵᠡᠭᠡᠶ

ᠠᠭᠤᠳᠠᠯᠵᠤ᠂ ᠣᠯᠠᠨ ᠲᠦᠮᠡᠨ ᠤ ᠮᠡᠳᠡᠷᠡᠮᠵᠢ ᠶᠢᠨ ᠰᠡᠳᠬᠢᠯᠭᠡ ᠪᠠ ᠵᠣᠯ ᠵᠢᠷᠭᠠᠯᠲᠤ ᠲᠥᠷᠥᠭᠳᠡᠯ ᠢ ᠦᠨᠡᠨᠬᠦ

ᠳᠡᠭᠡᠭᠰᠢᠯᠡᠭᠦᠯᠦᠨ᠎ᠡ᠃ ᠬᠠᠮᠤᠭ ᠤᠨ ᠲᠦᠷᠭᠡᠨ ᠬᠤᠷᠳᠤᠴᠠ᠂ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠡᠷᠡᠰ

ᠴᠢᠩᠭ᠎ᠠ ᠣᠪᠣᠷ ᠢᠶᠠᠷ᠂ ︽ᠵᠣᠷᠯᠣᠩ ᠤᠨ ᠬᠤᠪᠢᠰᠬᠠᠯ︾ ᠤᠨ ᠠᠵᠢᠯ ᠢ ᠴᠠᠭ ᠲᠤᠬᠠᠶ ᠳᠤᠨᠢ ᠲᠡᠭᠦᠰ ᠠᠮᠵᠢᠯᠲᠠ ᠲᠠᠢ

ᠪᠡᠶᠡᠯᠡᠭᠦᠯᠬᠦ ᠶᠢ ᠪᠠᠳᠤᠯᠠᠬᠤ ᠬᠡᠷᠡᠭᠲᠡᠶ᠃

   ᠭᠤᠤ ᠰᠢ ᠬᠤᠸᠠ ᠵᠢᠭᠠᠵᠤ ᠭᠠᠷᠭᠠᠭᠰᠠᠨ ᠨᠢ᠂ 2020 ᠤᠨ ᠪᠣᠯ ᠶᠠᠳᠠᠭᠤ ᠠᠴᠠ ᠠᠩᠭᠢᠵᠢᠷᠠᠭᠤᠯᠬᠤ

ᠪᠣᠭᠤᠮᠲᠠ ᠰᠢᠪᠲᠤᠯᠬᠤ ᠳᠠᠶᠢᠯᠠᠯᠳᠤᠭᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ

ᠳᠠᠶᠢᠯᠠᠯᠳᠤᠭᠠᠨ ᠰᠢᠢᠳᠪᠦᠷᠢᠲᠦ ᠢᠯᠠᠯᠲᠠ ᠤᠯᠬᠤ ᠵᠢᠯ ᠮᠥᠨ᠂ ᠪᠠᠰᠠ ᠴᠤ ᠬᠥᠳᠡᠭᠡ ᠲᠣᠰᠬᠤᠨ ᠤ ᠣᠷᠣᠰᠢᠨ

ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢᠨ

ᠡᠴᠦᠰ ᠤᠨ ᠵᠢᠯ ᠮᠥᠨ᠃ ᠣᠳᠣᠬᠠᠨ ᠤ ᠪᠠᠶᠢᠳᠠᠯ ᠳᠤ ᠰᠠᠭᠤᠷᠢᠯᠠᠨ᠂ ᠠᠯᠤᠰ ᠬᠡᠳᠤ ᠶᠢ ᠪᠣᠳᠣᠯᠬᠢᠯᠠᠨ᠂ ᠬᠠᠷᠠᠯᠲᠠ ᠶᠢ

ᠴᠢᠩᠭ᠎ᠠ ᠠᠩᠬᠠᠷᠴᠤ᠂ ᠤᠳᠤᠬᠠᠨ ᠤ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ

ᠵᠠᠰᠠᠬᠤ ᠠᠵᠢᠯ ᠪᠣᠯᠤᠨ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ

ᠭᠤᠷᠪᠠᠨ ᠵᠢᠯ ᠤᠨ ᠠᠵᠢᠯᠯᠠᠭᠠᠨ ᠤ ᠬᠠᠷᠠᠯᠳᠠ ᠶᠢᠨ ᠵᠥᠷᠢᠶ᠎ᠡ ᠶᠢ ᠨᠠᠷᠢᠨ ᠬᠢᠨᠠᠮᠠᠭᠠᠶ ᠡᠷᠢᠬᠦ ᠬᠡᠷᠡᠭᠲᠡᠶ᠃ ᠡᠯ᠎ᠡ ᠱᠠᠲᠤ

ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠰᠤᠷᠲᠠᠯ ᠢᠶᠠᠨ ᠦᠨᠡᠨᠬᠦ ᠬᠤᠪᠢᠷᠠᠭᠤᠯᠵᠤ᠂ ᠰᠢᠷᠭᠠᠭᠤ ᠠᠵᠢᠯᠯᠠᠵᠤ

ᠪᠣᠳᠠᠲᠠᠶ ᠠᠵᠢᠯᠯᠠᠬᠤ ᠵᠣᠷᠢᠭ ᠰᠠᠨᠠᠭ᠎ᠠ ᠪᠠᠨ ᠪᠠᠳᠠᠷᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠰᠠᠯᠠᠭ᠎ᠠ ᠮᠥᠴᠢᠷ ᠂

ᠠᠶᠢᠯ ᠲᠣᠰᠬᠤᠨ᠂ ᠬᠥᠮᠦᠨ ᠠᠷᠠᠳ ᠲᠤ ᠬᠦᠷᠲᠡᠯ᠎ᠡ ᠨᠠᠢᠳᠠᠪᠤᠷᠢᠵᠢᠭᠤᠯᠵᠤ᠂ ᠬᠥᠳᠡᠭᠡ ᠲᠣᠰᠬᠤᠨ ᠤ

ᠳᠦᠷᠰᠦ ᠪᠠᠶᠢᠳᠠᠯ ᠢ ᠦᠨᠳᠦᠰᠦᠨ ᠠᠴᠠ ᠨᠢ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ

ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ

ᠰᠢᠢᠳᠪᠦᠷᠢᠲᠦ ᠢᠯᠠᠯᠲᠠ ᠶᠢ ᠤᠯᠬᠤ ᠳᠤ ᠤᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠡᠷᠭᠦᠵᠦ᠂ ᠨᠠᠮ ᠪᠣᠯᠤᠨ

ᠠᠷᠠᠳ ᠲᠦᠮᠡᠨ ᠳᠤ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃

   ᠬᠤᠷᠠᠯ ᠳᠡᠭᠡᠷ᠎ᠡ᠂ ᠳᠡᠳ᠋ ᠬᠤᠰᠢᠭᠤᠨ ᠳᠠᠷᠤᠭ᠎ᠠ ᠵᠠᠩ ᠬᠤᠸᠠ᠂ ᠬᠤᠰᠢᠭᠤᠨ ᠤ ᠤᠯᠤᠰ ᠲᠥᠷᠥ ᠶᠢᠨ

ᠵᠥᠪᠯᠡᠯᠭᠡᠨ ᠤ ᠲᠡᠳ᠋ ᠲᠡᠷᠢᠭᠦᠯᠡᠭᠴᠢ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ ᠪᠢᠴᠢᠭᠲᠦ

ᠮᠠᠨ ᠤ ᠬᠤᠰᠢᠭᠤᠨ ᠤ ︽ᠵᠣᠷᠯᠣᠩ ᠤᠨ ᠬᠤᠪᠢᠰᠬᠠᠯ︾ ᠤᠨ ᠠᠵᠢᠯ ᠤᠨ ᠠᠬᠢᠴᠠ ᠶᠢᠨ ᠪᠠᠶᠢᠳᠠᠯ ᠵᠢᠴᠢ ᠣᠷᠣᠰᠢᠵᠤ

ᠪᠠᠶᠢᠭ᠎ᠠ ᠠᠰᠠᠭᠤᠳᠠᠯ ᠢ ᠲᠣᠰ ᠲᠣᠰ ᠬᠠᠷᠢᠭᠤ ᠮᠡᠳᠡᠭᠦᠯᠪᠡ︔ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ

ᠬᠠᠷᠢᠭᠤᠴᠠᠯᠭᠠᠲᠠᠨ ᠨᠥᠬᠦᠳ ᠠᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠭᠤᠣᠯᠳᠠᠯᠭ᠎ᠠ᠂ ᠬᠦᠴᠢᠷ

ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号