ᠬᠠᠷᠠᠴᠢᠨ ᠬᠤᠰᠢᠭᠤ ᠬᠠᠮᠠᠭᠠᠯᠠᠬᠤ ᠴᠢᠨᠠᠷᠲᠠᠶ ᠲᠠᠷᠢᠶᠠᠯᠠᠭ᠎ᠠ ᠶᠢ ᠠᠬᠢᠭᠤᠯᠬᠤ ᠪᠣᠯᠪᠠᠰᠤᠷᠠᠯ ᠵᠢᠴᠢ ᠦᠵᠡᠭᠦᠯᠭᠡ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2020/9/28

 ᠣᠶᠢᠷ᠎ᠠ ᠳᠤ᠂ ᠬᠠᠷᠠᠴᠢᠨ ᠬᠤᠰᠢᠭᠤᠨ ᠤ ᠲᠠᠷᠢᠶᠠᠯᠠᠩ ᠤᠨ ᠮᠧᠬᠠᠨᠢᠭ ᠤᠨ ᠬᠠᠮᠢᠶᠠᠷᠤᠯᠲᠠ ᠶᠢᠨ ᠮᠡᠷᠭᠡᠵᠢᠯ ᠤᠨ

ᠦᠢᠯᠡᠴᠢᠯᠡᠭᠡᠨ ᠤ ᠲᠥᠪ ᠨᠢ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ ᠠᠬᠢᠭᠤᠯᠬᠤ ᠪᠣᠯᠪᠠᠰᠤᠷᠠᠭᠤᠯᠤᠯ ᠵᠢᠴᠢ  

ᠦᠵᠡᠬᠦᠯᠭᠡ ᠶᠢᠨ ᠴᠤᠭᠯᠠᠭᠠᠨ ᠡᠷᠭᠢᠯᠡᠪᠡ᠃ ᠬᠤᠰᠢᠭᠤᠨ ᠤ ᠲᠠᠷᠢᠶᠠᠯᠠᠩ ᠤᠨ ᠮᠠᠰᠢᠨ ᠤ ᠲᠥᠪ ᠤᠨ ᠪᠥᠬᠦ ᠺᠠᠳ᠋ᠷ

ᠠᠵᠢᠯᠲᠠᠨ᠂ ᠡᠯ᠎ᠡ ᠰᠢᠶᠠᠩ ᠪᠠᠯᠭᠠᠰᠤ ︵ᠵᠡᠭᠡᠯᠢ︶ ᠶᠢᠨ ᠲᠠᠷᠢᠶᠠᠯᠠᠩ ᠤᠨ ᠮᠠᠰᠢᠨ ᠤ ᠥᠷᠲᠡᠭᠡ ᠶᠢᠨ ᠳᠠᠷᠤᠭ᠎ᠠ᠂

ᠠᠵᠢᠯᠲᠠᠨ᠂ ᠬᠡᠰᠡᠭ ᠲᠠᠷᠢᠶᠠᠯᠠᠩ ᠤᠨ ᠮᠠᠰᠢᠨ ᠤ ᠬᠤᠷᠰᠢᠶ᠎ᠠ ᠶᠢᠨ ᠬᠠᠷᠢᠭᠤᠴᠠᠯᠭᠠᠲᠠᠨ᠂ ᠲᠠᠷᠢᠶᠠᠯᠠᠩ ᠤᠨ ᠮᠠᠰᠢᠨ ᠤ

ᠲᠣᠮᠣ ᠡᠷᠦᠬᠡ ᠵᠢᠴᠢ ᠲᠠᠷᠢᠮᠠᠯ ᠤᠨ ᠲᠣᠮᠣ ᠡᠷᠦᠬᠡ ᠨᠡᠶᠢᠲᠡ 40 ᠭᠠᠷᠤᠶ ᠬᠥᠮᠦᠨ ᠲᠣᠰ ᠤᠳᠠᠭᠠᠨ ᠤ

ᠪᠣᠯᠪᠠᠰᠤᠷᠠᠭᠤᠯᠤᠯ ᠳᠤ ᠣᠷᠣᠯᠴᠠᠵᠠᠶ᠃

   ᠪᠣᠯᠪᠠᠰᠤᠷᠠᠯ ᠤᠨ ᠬᠤᠷᠠᠯ ᠳᠡᠭᠡᠷ᠎ᠡ᠂ ᠬᠤᠰᠢᠭᠤᠨ ᠤ ᠲᠠᠷᠢᠶᠠᠯᠠᠩ ᠤᠨ ᠮᠠᠰᠢᠨ ᠤ ᠲᠥᠪ ᠤᠨ ᠬᠠᠷᠢᠭᠤᠴᠠᠯᠭᠠᠲᠠᠨ

 ᠠᠴᠠ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ

ᠠᠰᠢᠭ ᠵᠢᠴᠢ ᠲᠠᠷᠠᠭᠠᠴᠢ ᠶᠢᠨ ᠠᠯᠬᠤᠮ ᠤᠨ ᠠᠬᠢᠭᠤᠯᠬᠤ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠵᠠᠳᠠᠯᠤᠯᠲᠠ ᠬᠢᠵᠦ᠂

ᠬᠤᠰᠢᠭᠤᠨ ᠤ ᠲᠠᠷᠢᠶᠠᠯᠠᠩ ᠤᠨ ᠮᠠᠰᠢᠨ ᠤ ᠲᠥᠪ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ

ᠮᠠᠰᠢᠨᠴᠢᠯᠠᠯᠲᠠ ᠶᠢ ᠰᠤᠳᠤᠯᠤᠨ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠤᠳᠤᠷᠢᠳᠤᠯᠭ᠎ᠠ ᠶᠢ ᠤᠷᠢᠵᠤ

ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠡᠭᠦᠰᠦᠯ᠂ ᠤᠯᠠᠮᠵᠢᠯᠠᠯᠲᠤ ᠲᠠᠷᠢᠶᠠᠯᠠᠭ᠎ᠠ ᠶᠢᠨ ᠲᠦᠷᠢᠮ ᠤᠨ ᠬᠤᠤᠷ

ᠬᠥᠨᠥᠭᠡᠯ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠠᠴᠢ ᠬᠤᠯᠪᠣᠭᠳᠠᠯ ᠵᠢᠴᠢ ᠰᠠᠶᠢᠨ ᠲᠠᠢ ᠲᠠᠯ᠎ᠠ᠂

ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠮᠡᠷᠭᠡᠵᠢᠯ ᠤᠨ ᠠᠭᠤᠯᠭ᠎ᠠ᠂ ᠮᠡᠷᠭᠡᠵᠢᠯ ᠤᠨ ᠬᠡᠪ ᠵᠠᠭᠪᠤᠷ᠂

ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠮᠠᠰᠢᠨ ᠪᠠᠭᠠᠵᠢ ᠵᠡᠷᠭᠡ ᠲᠠᠯ᠎ᠠ ᠳᠤ ᠨᠠᠷᠢᠨ ᠲᠠᠶᠢᠯᠪᠤᠷᠢ ᠬᠢᠵᠡᠶ᠃

ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠬᠥᠭᠵᠢᠶᠡᠨᠲᠡᠶ ᠪᠠᠶᠢᠵᠤ᠂ ᠪᠣᠯᠪᠠᠰᠤᠷᠠᠯ ᠳᠤ ᠣᠷᠣᠯᠴᠠᠭᠰᠠᠨ

ᠬᠥᠮᠦᠰ ᠤᠨ ᠰᠠᠶᠢᠨ ᠦᠨᠡᠯᠡᠯᠲᠡ ᠶᠢ ᠣᠯᠵᠠᠶ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号