ᠬᠠᠷᠠᠴᠢᠨ ᠬᠤᠰᠢᠭᠤ ᠰᠢᠨ᠎ᠡ ᠴᠠᠭ ᠶᠢᠨ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠰᠠᠶᠢᠨ ᠲᠤᠷᠠᠴᠤᠳ ᠤᠨ ᠦᠢᠯᠡᠴᠢᠯᠡᠬᠡᠨ ᠤ ᠲᠠᠪᠴᠠᠩ ᠢ ᠬᠡᠷᠡᠭᠯᠡᠬᠦ ᠪᠤᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/14

   ᠤᠶᠢᠷ᠎ᠡ ᠳᠤ᠂ ᠰᠢᠨ᠎ᠡ ᠴᠠᠭ ᠶᠢᠨ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠰᠠᠶᠢᠨ ᠲᠤᠷᠠᠴᠤᠳ ᠤᠨ

ᠦᠢᠯᠡᠴᠢᠯᠡᠬᠡᠨ ᠤ ᠲᠠᠪᠴᠠᠩ ᠢ ᠬᠡᠷᠡᠭᠯᠡᠬᠦ ᠪᠤᠯᠪᠠᠰᠤᠷᠠᠯ ᠤᠨ ᠬᠤᠷᠠᠯ ᠢ ᠵᠢᠨᠱᠠᠨ ᠪᠠᠯᠭᠠᠰᠤᠨ ᠤ ᠰᠤᠶᠤᠯ ᠤᠷᠠᠯᠢᠭ ᠤᠨ

ᠲᠦᠪ ᠲᠤ ᠬᠤᠷᠠᠯᠳᠤᠭᠤᠯᠪᠠ᠃ ᠬᠤᠰᠢᠭᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ

ᠲᠦᠪ ᠤᠨ ᠤᠳᠤᠷᠢᠳᠬᠤ ᠪᠠᠭ᠎ᠠ ᠲᠤᠭᠤᠶᠢᠯᠠᠩ ᠤᠨ ᠭᠡᠰᠢᠭᠦᠨ ᠪᠠᠶᠢᠭᠤᠯᠭ᠎ᠠ᠂ ᠡᠯ᠎ᠡ ᠰᠢᠶᠠᠩ ᠪᠠᠯᠭᠠᠰᠤ ︵ᠵᠡᠭᠡᠯᠢ

ᠭᠤᠳᠤᠮᠵᠢ︶ ᠵᠢᠴᠢ ᠦᠪᠡᠷᠳᠡᠭᠡᠨ ᠵᠠᠰᠠᠬᠤ ᠤᠷᠤᠨ ᠤ ᠲᠡᠰ ᠤᠨ ᠪᠤᠯᠪᠠᠰᠤᠨ ᠨᠢᠭᠡᠴᠡ ᠶᠢᠨ ᠠᠵᠢᠯᠳᠠᠳ ᠨᠡᠶᠢᠳᠡ 50

ᠭᠠᠷᠤᠢ ᠬᠦᠮᠦᠨ ᠲᠤᠰ ᠤᠳᠠᠭᠠᠨ ᠤ ᠪᠤᠯᠪᠠᠰᠤᠷᠠᠯ ᠳᠤ ᠤᠷᠤᠯᠴᠠᠪᠠ᠃

   ᠤᠳᠤᠬᠠᠨ ᠳᠤ᠂ ᠮᠠᠨ ᠤ ᠬᠤᠰᠢᠭᠤᠨ ᠳᠤ ᠲᠤᠰ ᠲᠠᠪᠴᠠᠩ ᠳᠤ ᠪᠦᠷᠢᠳᠭᠡᠭᠦᠯᠦᠭᠰᠡᠨ ᠰᠠᠶᠢᠨ ᠲᠤᠷᠠᠴᠤᠳ

1031 ᠬᠦᠮᠦᠨ ᠪᠤᠯᠵᠤ᠂ ᠪᠦᠬᠦ ᠬᠤᠰᠢᠭᠤᠨ ᠳᠤ ᠪᠤᠯᠪᠠᠰᠤᠨ ᠢ ᠦᠢᠯᠡᠳᠦᠯᠭᠡᠵᠢᠬᠦᠯᠬᠦ ᠲᠦᠪ 1᠂ ᠪᠤᠯᠪᠠᠰᠤᠨ ᠢ

ᠦᠢᠯᠡᠳᠦᠯᠭᠡᠵᠢᠬᠦᠯᠬᠦ ᠰᠠᠯᠪᠤᠷᠢ 11᠂  ᠪᠤᠯᠪᠠᠰᠤᠨ ᠢ ᠦᠢᠯᠡᠳᠦᠯᠭᠡᠵᠢᠬᠦᠯᠬᠦ ᠦᠷᠳᠡᠭᠡ 34 ᠪᠠ ᠰᠢᠨ᠎ᠡ ᠴᠠᠭ ᠶᠢᠨ

ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠰᠠᠶᠢᠨ ᠲᠤᠷᠠᠴᠤᠳ ᠤᠨ ᠦᠢᠯᠡᠴᠢᠯᠡᠬᠡᠨ ᠤ ︽ᠭᠤᠷᠪᠠᠳᠤᠭᠠᠷ ᠲᠡᠰ︾

 ᠤᠨ51 ᠠᠩᠬᠢ ᠪᠠᠶᠢᠭᠤᠯᠤᠭᠰᠠᠨ ᠶᠤᠮ᠃

   ᠪᠤᠯᠪᠠᠰᠤᠷᠠᠯ ᠲᠠᠭᠤᠰᠤᠭᠰᠠᠨ ᠤ ᠲᠠᠷᠠᠭ᠎ᠠ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ

ᠪᠠᠶᠢᠩᠭᠤ ᠶᠢᠨ ᠲᠡᠳ᠋ ᠬᠡᠯᠳᠡᠰ ᠤᠨ ᠲᠠᠷᠤᠭ᠎ᠠ ᠵᠠᠩ ᠶᠢᠨ ᠱᠧᠩ ᠠᠴᠠ ᠤᠶᠢᠷ᠎ᠠ ᠶᠢᠨ ᠬᠤᠭᠤᠴᠠᠭᠠᠨ ᠤ ᠠᠵᠢᠯ ᠳᠤ

ᠲᠤᠬᠢᠷᠠᠭᠤᠯᠤᠯᠳᠠ ᠬᠢᠵᠦ᠂ ᠨᠢᠭᠡᠳᠦᠯᠳᠡᠢ ᠲᠦᠯᠦᠪᠵᠢᠬᠦᠯᠬᠦ ᠪᠠ ᠵᠤᠬᠢᠴᠠᠭᠤᠯᠤᠯᠳᠠ ᠬᠢᠵᠦ᠂ ᠪᠠᠶᠢᠭᠤᠯᠭ᠎ᠠ ᠶᠢᠨ ᠢᠶᠠᠨ

ᠤᠨᠴᠠᠯᠢᠭ ᠲᠠᠭᠠᠨ ᠲᠤᠬᠢᠷᠠᠭᠤᠯᠤᠨ᠂ ᠤᠯᠠᠨ ᠡᠰᠢᠵᠢᠭᠰᠡᠨ ᠬᠦᠳᠡᠯᠭᠡᠭᠡᠨ ᠢ ᠦᠷᠨᠢᠭᠦᠯᠦᠨ᠂ ᠪᠦᠬᠦ ᠬᠤᠰᠢᠭᠤᠨ ᠤ

ᠰᠢᠨ᠎ᠡ ᠴᠠᠭ ᠶᠢᠨ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠲᠦᠪ ᠤᠨ ᠪᠠᠶᠢᠭᠤᠯᠤᠯᠳᠠ ᠶᠢᠨ ᠠᠵᠢᠯ ᠢ ᠡᠮᠬᠢ

ᠲᠢᠭᠯᠢᠮ ᠲᠠᠢ ᠠᠬᠢᠭᠤᠯᠬᠤ ᠬᠡᠷᠡᠭᠳᠡᠢ ᠭᠡᠵᠦ ᠤᠯᠠᠨ ᠳᠤ ᠱᠠᠭᠠᠷᠳᠠᠯᠭ᠎ᠠ ᠲᠠᠯᠪᠢᠪᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号