ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠨᠠᠮ ᠤᠨ ᠠᠷᠪᠠᠨ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯᠳᠤᠭᠠᠨ ᠤ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠪᠦᠬᠦ ᠬᠦᠴᠦᠨ ᠢᠶᠠᠷ ᠢᠶᠠᠨ ᠪᠡᠯᠡᠳᠭᠡᠵᠦ ᠡᠬᠢᠯᠡᠯ᠎ᠡ
ᠨᠡᠶᠢᠲᠡᠯᠡᠭᠰᠡᠨ ᠴᠠᠭ᠄
2021/1/14

    ᠨᠠᠮ ᠤᠨ ᠠᠷᠪᠠᠨ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯᠳᠤᠭᠠᠨ ᠤ ᠵᠤᠷᠢᠭ ᠰᠠᠨᠠᠭ᠎ᠠ ᠶᠢ

ᠰᠤᠷᠤᠯᠴᠠᠨ ᠲᠤᠤᠱᠯᠠᠭᠤᠯᠬᠤ ᠨᠢ ᠤᠳᠤᠬᠠᠨ ᠤ ᠪᠤᠶᠤ ᠬᠤᠶᠢᠰᠢᠳᠠ ᠶᠢᠨ ᠬᠡᠰᠡᠭ ᠬᠤᠭᠤᠴᠠᠭᠠᠨ ᠤ ᠤᠯᠤᠰ

ᠲᠦᠷᠦ ᠶᠢᠨ ᠴᠢᠬᠤᠯᠠ ᠡᠭᠦᠷᠭᠡ ᠪᠤᠯᠬᠤ ᠶᠤᠮ᠃ ᠤᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠨᠠᠮ ᠤᠨ

ᠰᠤᠷᠭᠠᠭᠤᠯᠢ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠨ᠂ ᠨᠠᠮ ᠤᠨ ᠠᠷᠪᠠᠨ

ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯᠳᠤᠭᠠᠨ ᠤ ᠵᠤᠷᠢᠭ ᠰᠠᠨᠠᠭ᠎ᠠ ᠶᠢ ᠤᠬᠠᠭᠤᠯᠤᠨ

ᠲᠠᠶᠢᠯᠪᠤᠷᠢᠯᠠᠬᠤ ᠠᠵᠢᠯ ᠢ ᠪᠦᠬᠦ ᠬᠦᠴᠦᠨ ᠢᠶᠠᠷ ᠢᠶᠠᠨ ᠪᠡᠯᠡᠳᠭᠡᠵᠦ ᠪᠠᠶᠢᠨ᠎ᠠ᠃

   ᠤᠷᠢᠳᠴᠢᠯᠠᠨ ᠲᠦᠰᠦᠪᠯᠡᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠨᠢ

ᠶᠠᠭᠤᠨ ᠤ ᠤᠷᠢᠳ 7 ᠪᠠᠭᠰᠢ ᠶᠢ ᠰᠤᠩᠭᠤᠨ ᠤᠬᠠᠭᠤᠯᠤᠨ ᠲᠠᠶᠢᠯᠪᠤᠷᠢᠯᠠᠬᠤ ᠠᠵᠢᠯ ᠳᠤ ᠪᠡᠯᠡᠳᠭᠡᠭᠦᠯᠪᠡ᠂

ᠪᠠᠭᠰᠢᠨᠠᠷ ᠢ ᠵᠤᠬᠢᠶᠠᠨ ᠪᠠᠶᠢᠭᠤᠯᠵᠤ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠᠨ ᠶᠢᠰᠦᠳᠦᠭᠡᠷ

ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠤᠳᠠᠭᠠᠨ ᠤ ᠪᠦᠭᠦᠳᠡ ᠬᠤᠷᠠᠯᠳᠤᠭᠠᠨ ᠤ ᠠᠯᠪᠠᠨ ᠮᠡᠳᠡᠭᠡ︾

ᠵᠡᠷᠭᠡ ᠪᠦᠭᠦᠳᠡ ᠬᠤᠷᠠᠯ ᠤᠨ ᠪᠢᠴᠢᠭ ᠮᠠᠲ᠋ᠧᠷᠢᠶᠠᠯ ᠢ ᠲᠠᠬᠢᠨ ᠲᠠᠪᠳᠠᠨ ᠰᠤᠳᠤᠯᠤᠨ ᠤᠩᠰᠢᠵᠦ᠂ ᠪᠦᠭᠦᠳᠡ

ᠬᠤᠷᠠᠯ ᠤᠨ ᠵᠤᠷᠢᠭ ᠰᠠᠨᠠᠭ᠎ᠠ ᠶᠢᠨ ᠭᠤᠤᠯ ᠴᠦᠮ᠎ᠡ ᠶᠢ ᠪᠦᠬᠦ ᠲᠠᠯ᠎ᠠ ᠪᠠᠷ ᠵᠦᠪ ᠤᠨᠤᠪᠴᠢᠳᠠᠢ ᠤᠶᠢᠯᠠᠭᠠᠬᠤ ᠶᠢ

ᠵᠤᠷᠢᠵᠤ᠂ ᠤᠬᠠᠭᠤᠯᠤᠨ ᠲᠠᠶᠢᠯᠪᠤᠷᠢᠯᠠᠬᠤ ᠤᠨᠤᠯ ᠤᠨ ᠰᠠᠭᠤᠷᠢ ᠶᠢ ᠪᠠᠳᠤᠳᠬᠠᠪᠠ᠃

   ᠰᠤᠷᠤᠯᠴᠠᠯᠭ᠎ᠠ ᠰᠤᠳᠤᠯᠭ᠎ᠠ ᠶᠢ ᠤᠶᠠᠯᠳᠤᠭᠤᠯᠬᠤ ᠶᠢ ᠪᠠᠷᠢᠮᠳᠠᠯᠠᠪᠠ᠃ ᠬᠢᠴᠢᠶᠡᠯ ᠪᠡᠯᠡᠳᠭᠡᠬᠦ ᠪᠠᠭᠰᠢ ᠨᠠᠷ ᠲᠤ ︽

ᠲᠦᠪ ᠬᠤᠷᠢᠶᠠᠨ ᠤ ︿ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠠᠷᠪᠠᠨ

ᠲᠦᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠪᠠ 2035 ᠤᠨ ᠤ ᠠᠯᠤᠰ ᠬᠡᠳᠦ ᠶᠢᠨ ᠬᠠᠷᠠᠯᠳᠠ ᠶᠢ

ᠲᠤᠭᠳᠠᠭᠠᠬᠤ ᠲᠤᠬᠠᠢ ᠰᠠᠨᠠᠯ﹀ ᠤᠨ ᠵᠢᠯᠤᠭᠤᠳᠤᠮᠵᠢ︾ ᠵᠡᠷᠭᠡ ᠪᠦᠭᠦᠳᠡ ᠬᠤᠷᠠᠯᠳᠤᠭᠠᠨ ᠤ ᠵᠤᠷᠢᠭ ᠰᠠᠨᠠᠭ᠎ᠠ ᠶᠢᠨ

ᠲᠠᠶᠢᠯᠤᠮᠵᠢ ᠶᠢᠨ ᠡᠷᠬᠡ ᠰᠦᠷᠳᠤ ᠮᠠᠲ᠋ᠧᠷᠢᠶᠠᠯ ᠤᠯᠭᠤᠨ ᠦᠭᠴᠦ᠂ ᠪᠠᠭᠰᠢ ᠨᠠᠷ ᠢ ᠵᠤᠬᠢᠶᠠᠨ ᠪᠠᠶᠢᠭᠤᠯᠤᠨ ᠬᠠᠮᠳᠤᠪᠠᠷ

ᠰᠤᠳᠤᠯᠤᠨ ᠶᠠᠷᠢᠯᠴᠠᠵᠤ᠂ ᠰᠤᠯᠢᠯᠴᠠᠬᠤ ᠬᠦᠳᠡᠯᠭᠡᠭᠡᠨ ᠢ ᠦᠷᠨᠢᠭᠦᠯᠦᠨ᠂ ᠪᠦᠭᠦᠳᠡ ᠬᠤᠷᠠᠯᠳᠤᠭᠠᠨ ᠤ ᠵᠤᠷᠢᠭ

ᠰᠠᠨᠠᠭᠠᠨ ᠤ ᠤᠶᠢᠯᠠᠭᠠᠯᠳᠠ ᠪᠠ ᠲᠠᠨᠢᠯᠳᠠ ᠶᠢ ᠭᠦᠨᠵᠡᠭᠡᠶᠢᠷᠡᠭᠦᠯᠪᠡ᠃

   ᠰᠤᠷᠤᠯᠴᠠᠯᠭ᠎ᠠ ᠪᠤᠯᠪᠠᠰᠤᠷᠠᠯ ᠢ ᠴᠢᠬᠤᠯᠠᠴᠢᠯᠠᠪᠠ᠃ ᠪᠡᠭᠡᠵᠢᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠭᠡ

ᠰᠤᠷᠭᠠᠭᠤᠯᠢ᠂ ᠨᠠᠮ ᠤᠨ ᠠᠷᠪᠠᠨ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯᠳᠤᠭᠠᠨ ᠤ ᠵᠤᠷᠢᠭ

ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠬᠦ ᠬᠤᠳᠠ ᠶᠢᠨ ᠭᠤᠤᠯᠯᠠᠭᠴᠢ ᠬᠦᠴᠦᠨ ᠤ ᠪᠤᠯᠪᠠᠰᠤᠷᠠᠯ ᠤᠨ

ᠠᠩᠬᠢ ᠳᠤ ᠭᠤᠤᠯᠯᠠᠭᠴᠢ ᠪᠠᠭᠰᠢ ᠨᠡᠷ ᠢ ᠬᠤᠶᠠᠷ ᠪᠦᠯᠦᠭ ᠬᠤᠪᠢᠶᠠᠨ ᠲᠤᠮᠢᠯᠠᠨ ᠰᠤᠷᠤᠯᠴᠠᠭᠤᠯᠪᠠ᠃ ᠵᠢᠭᠠᠨ

ᠰᠤᠷᠭᠠᠬᠤ ᠰᠢᠯᠢᠳᠡᠭ ᠡᠬᠢ ᠰᠤᠷᠪᠤᠯᠵᠢ ᠶᠢ ᠬᠠᠮᠳᠤᠪᠠᠷ ᠡᠳ᠋ᠯᠡᠬᠦ ᠶᠢ ᠪᠠᠶᠡᠯᠡᠭᠦᠯᠵᠦ ᠴᠢᠳᠠᠪᠠ᠃

   ᠲᠠᠶᠢᠯᠤᠮᠵᠢ ᠶᠢᠨ ᠨᠤᠤᠷᠠᠭ ᠢ ᠨᠠᠷᠢᠯᠢᠭ ᠪᠡᠯᠡᠳᠭᠡᠪᠡ᠃ ᠲᠠᠶᠢᠯᠤᠮᠵᠢ ᠬᠢᠬᠦ ᠪᠠᠭᠰᠢ ᠨᠠᠷ ᠪᠦᠭᠦᠳᠡ ᠬᠤᠷᠠᠯᠳᠤᠭᠠᠨ

 ᠤ ᠵᠤᠷᠢᠭ ᠰᠠᠨᠠᠭ᠎ᠠ ᠶᠢ ᠲᠠᠬᠢᠨ ᠲᠠᠪᠳᠠᠨ ᠰᠤᠷᠤᠯᠴᠠᠬᠤ᠂ ᠰᠤᠳᠤᠯᠤᠨ ᠶᠠᠷᠢᠯᠴᠠᠬᠤ ᠪᠠ ᠡᠮᠬᠢᠯᠡᠭᠰᠡᠨ ᠰᠠᠭᠤᠷᠢᠨ

ᠲᠡᠭᠡᠷ᠎ᠡ᠂ ᠬᠤᠪᠢ ᠪᠡᠶ᠎ᠡ ᠶᠢᠨ ᠢᠶᠠᠨ ᠲᠤᠰᠬᠠᠢ ᠮᠡᠷᠭᠡᠵᠢᠯ ᠤᠨ ᠲᠠᠪᠠᠭᠤᠯᠢᠭ ᠲᠠᠢ ᠪᠠᠨ ᠤᠶᠠᠯᠳᠤᠭᠤᠯᠤᠨ᠂

ᠲᠠᠶᠢᠯᠤᠮᠵᠢ ᠶᠢᠨ ᠠᠭᠤᠯᠭ᠎ᠠ ᠶᠢ ᠦᠵᠡᠯ ᠰᠠᠨᠠᠭᠠᠳᠤ ᠴᠢᠨᠠᠷ᠂ ᠤᠨᠤᠯ ᠤᠨ ᠴᠢᠨᠠᠷ᠂ ᠴᠢᠭᠯᠡᠯᠳᠡ ᠴᠢᠨᠠᠷ ᠲᠠᠢ ᠪᠠᠶᠢᠬᠤ

ᠴᠢᠷᠮᠠᠶᠢᠨ ᠪᠡᠶᠡᠯᠡᠭᠦᠯᠪᠡ᠃

   ᠤᠳᠤᠬᠠᠨ ᠪᠤᠯᠳᠠᠯ᠎ᠠ᠂ ᠲᠠᠶᠢᠯᠤᠮᠵᠢ ᠬᠢᠬᠦ ᠪᠠᠭᠰᠢ ᠨᠠᠷ ᠲᠠᠪᠤᠳᠤᠭᠠᠷ ᠪᠦᠭᠦᠳᠡ ᠬᠤᠷᠠᠯᠳᠤᠭᠠᠨ ᠤ ᠵᠤᠷᠢᠭ ᠰᠠᠨᠠᠭ᠎ᠠ

 ᠶᠢ ᠤᠬᠠᠭᠤᠯᠤᠨ ᠲᠠᠶᠢᠯᠪᠤᠷᠢᠯᠠᠬᠤ ᠲᠤᠰᠬᠠᠢ ᠰᠡᠳᠦᠪᠳᠦ ᠬᠢᠴᠢᠶᠡᠯ ᠪᠡᠯᠡᠳᠭᠡᠬᠦ ᠡᠭᠦᠷᠭᠡ ᠪᠠᠨ ᠪᠦᠬᠦᠨ ᠢ ᠪᠡᠶᠡᠯᠡᠭᠦᠯᠪᠠ᠃

ᠬᠤᠰᠢᠭᠤ ᠨᠠᠮ ᠤᠨ ᠬᠤᠷᠢᠶᠠᠨ ᠤ ᠲᠤᠬᠢᠷᠠᠭᠤᠯᠤᠯᠳᠠ ᠶᠤᠰᠤᠭᠠᠷ᠂ 12 ᠰᠠᠷ᠎ᠠ ᠶᠢᠨ 8 ᠤ ᠡᠳᠦᠷ ᠠᠴᠠ 11 ᠤ

ᠡᠳᠦᠷ ᠪᠤᠯᠳᠠᠯᠠᠬᠢ ᠬᠤᠭᠤᠴᠠᠭᠠᠨ ᠳᠤ 7 ᠪᠠᠭᠰᠢ ᠪᠦᠬᠦ ᠬᠤᠰᠢᠭᠤᠨ ᠤ 22 ᠰᠢᠶᠠᠩ ᠪᠠᠯᠭᠠᠰᠤ᠂ ᠬᠤᠰᠢᠭᠤ

ᠰᠢᠭᠤᠳ ᠬᠠᠷᠢᠶ᠎ᠠ ᠨᠠᠮ ︵ᠠᠵᠢᠯᠯᠠᠬᠤ︶ ᠤᠨ ᠬᠤᠷᠢᠶᠠᠨ ᠳᠤ ᠬᠦᠷᠴᠦ ᠠᠩᠬᠠᠳᠠᠭᠴᠢ ᠪᠦᠯᠦᠭ ᠤᠬᠠᠭᠤᠯᠭ᠎ᠠ ᠪᠠᠨ

ᠬᠢᠬᠦ ᠪᠤᠯᠤᠨ᠎ᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号