ᠪᠦᠬᠦ ᠤᠯᠤᠰ ᠤᠨ ︽ᠰᠢᠨᠵᠢᠯᠡᠬᠦ ᠤᠬᠠᠭᠠᠨᠴᠢ ᠪᠠᠷ ᠬᠠᠶᠢᠨ ᠰᠦᠪᠡᠭᠴᠢᠯᠡᠵᠦ᠂ ᠬᠦᠰᠡᠯ ᠵᠡᠭᠦᠳᠦ ᠪᠠᠨ ᠲᠠᠷᠭᠡᠯᠰᠢᠯᠡᠬᠦᠯᠬᠦ ᠠᠵᠢᠯᠯᠠᠭ᠎ᠠ︾ ᠨᠢᠤ ᠵᠢᠶᠠ ᠶᠢᠩᠽᠢ ᠲᠤᠮᠳᠠᠳᠤ ᠰᠤᠷᠭᠠᠭᠤᠯᠢ ᠳᠤ ᠤᠳᠤᠨ ᠤᠷᠤᠨ ᠤ ᠰᠤᠳᠤᠯᠤᠯ ᠤᠨ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2021/1/14

   ᠤᠶᠢᠷ᠎ᠠ ᠳᠤ᠂ ᠪᠦᠬᠦ ᠤᠯᠤᠰ ᠤᠨ ︽ᠰᠢᠨᠵᠢᠯᠡᠬᠦ ᠤᠬᠠᠭᠠᠨᠴᠢ ᠪᠠᠷ ᠬᠠᠶᠢᠨ ᠰᠦᠪᠡᠭᠴᠢᠯᠡᠵᠦ᠂ ᠬᠦᠰᠡᠯ ᠵᠡᠭᠦᠳᠦ

 ᠪᠠᠨ ᠲᠠᠷᠭᠡᠯᠰᠢᠯᠡᠬᠦᠯᠬᠦ ᠠᠵᠢᠯᠯᠠᠭ᠎ᠠ︾  ᠪᠤᠯᠬᠤ ᠤᠳᠤᠨ ᠤᠷᠤᠨ ᠤ ᠰᠤᠳᠤᠯᠤᠯ ᠤᠨ ᠨᠡᠶᠢᠳᠡ ᠳᠤ ᠠᠰᠢᠭᠳᠠᠢ

ᠲᠠᠶᠢᠯᠤᠮᠵᠢ ᠨᠢ ᠨᠢᠤ ᠵᠢᠶᠠ ᠶᠢᠩᠽᠢ ᠳᠠᠬᠢ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠳᠤ ᠢᠷᠡᠵᠦ ᠲᠠᠶᠢᠯᠤᠮᠵᠢ

ᠬᠢᠪᠡ᠃

   ᠤᠯᠤᠰ ᠤᠨ ᠤᠳᠤᠨ ᠤᠷᠤᠨ ᠤ ᠰᠤᠳᠤᠯᠤᠯ ᠤᠨ ᠡᠷᠳᠡᠮᠳᠡᠨ ᠵᠧᠩ ᠵᠢᠶᠧ ᠫᠧᠷᠤᠰᠰᠤᠷ᠂ ᠤᠯᠤᠰ ᠤᠨ ᠤᠳᠤᠨ

ᠤᠷᠤᠨ ᠰᠤᠳᠤᠯᠬᠤ ᠰᠲ᠋ᠠᠨᠽᠢ ᠶᠢᠨ ᠰᠢᠨᠵᠢᠯᠡᠬᠦ ᠤᠬᠠᠭᠠᠨ ᠲᠦᠭᠡᠮᠡᠯᠵᠢᠯᠡᠬᠦᠯᠬᠦ ᠠᠵᠢᠯ ᠤᠨ ᠬᠠᠷᠢᠭᠤᠴᠠᠯᠭᠠᠳᠠᠨ ᠵᠠᠩ

ᠮᠢᠶᠤᠤ ︽ᠤᠭᠳᠠᠷᠭᠤᠢ ᠶᠢ ᠠᠵᠢᠭᠯᠠᠬᠤ ᠲᠤᠮᠤ ᠨᠢᠳᠦ︾ ᠪᠠ ︽ᠤᠳᠤᠨ ᠤᠷᠤᠨ ᠢ ᠠᠵᠢᠭᠯᠠᠬᠤ ᠲᠤᠷᠠᠨ ᠤ ᠤᠭ

ᠶᠤᠰᠤ︾ ᠭᠡᠬᠦ ᠲᠠᠶᠢᠯᠤᠮᠵᠢ ᠬᠢᠪᠡ᠃

   ᠬᠤᠶᠠᠷ ᠲᠤᠰᠬᠠᠢ ᠮᠡᠷᠭᠡᠵᠢᠯᠳᠡᠨ ᠤ ᠲᠠᠶᠢᠯᠪᠤᠷᠢᠯᠠᠯ ᠪᠠ ᠵᠢᠯᠤᠭᠤᠳᠤᠯᠭ᠎ᠠ ᠲᠤᠤᠷ᠎ᠠ᠂ ᠰᠤᠷᠤᠭᠴᠢᠳ

ᠬᠠᠯᠠᠭᠤᠨ ᠢᠶᠠᠷ ᠤᠷᠤᠯᠴᠠᠨ᠂ ᠢᠳᠡᠪᠬᠢᠳᠡᠢ ᠬᠦᠳᠡᠯᠦᠯᠴᠡᠨ᠂ ᠰᠢᠨ᠎ᠡ ᠴᠠᠭ ᠦᠶ᠎ᠡ ᠶᠢᠨ ᠪᠠᠭᠠᠴᠤᠳ ᠤᠨ ᠰᠠᠶᠢᠳᠤᠷ

ᠰᠤᠷᠤᠯᠴᠠᠵᠤ ᠦᠭᠡᠳᠡᠯᠡᠨ ᠲᠠᠪᠰᠢᠬᠤ ᠵᠤᠷᠢᠭ ᠰᠠᠨᠠᠭᠠᠨ ᠤ ᠲᠦᠷᠢ ᠲᠦᠷᠬᠦ ᠪᠠ ᠰᠢᠨ᠎ᠡ ᠶᠢ ᠡᠭᠦᠳᠬᠦ ᠬᠦᠳᠡᠯᠦᠩᠭᠦᠢ

ᠤᠬᠠᠮᠰᠠᠷ ᠢ ᠪᠦᠷᠢᠨ ᠢᠯᠡᠷᠡᠭᠦᠯᠪᠡ᠃

   ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠬᠢ ᠠᠴᠠ ᠲᠤᠰ ᠰᠤᠷᠭᠠᠭᠤᠯᠢ ᠳᠤ ᠰᠤᠷᠤᠭᠴᠢᠳ ᠤᠨ

ᠲᠤᠷᠰᠢᠯᠳᠠ ᠶᠢᠨ ᠲᠤᠷᠠᠨ᠂ ︽ ᠲᠤᠮᠳᠠᠳᠤ ᠤᠯᠤᠰ ᠤᠨ ᠤᠳᠤᠨ ᠤᠷᠤᠨ︾ ᠰᠡᠳᠬᠦᠯ ᠵᠢᠴᠢ 105 ᠪᠤᠭᠴᠤ

ᠬᠠᠨᠳᠢᠪᠯᠠᠪᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号