2020 ᠤᠨ ᠤ ᠬᠠᠷᠠᠴᠢᠨ ᠬᠤᠰᠢᠭᠤᠨ ᠤ ᠦᠨᠳᠦᠷ ᠬᠡᠪ ᠪᠤᠯᠪᠠᠰᠤᠷᠠᠯ ᠪᠦᠬᠦᠢ ᠲᠠᠷᠢᠶᠠᠴᠢᠨ ᠮᠠᠯᠴᠢᠳ ᠤᠨ ᠬᠦᠮᠦᠵᠢᠯ ᠤᠨ ᠠᠩᠬᠠᠳᠠᠭᠴᠢ ᠬᠤᠭᠤᠴᠠᠭᠠᠨ ᠤ ᠪᠤᠯᠪᠠᠰᠤᠷᠠᠯ ᠤᠨ ᠠᠩᠬᠢ ᠬᠢᠴᠢᠶᠠᠯ ᠡᠬᠢᠯᠡᠯ᠎ᠡ
ᠨᠡᠶᠢᠲᠡᠯᠡᠭᠰᠡᠨ ᠴᠠᠭ᠄
2021/1/14

   ᠤᠶᠢᠷ᠎ᠠ ᠳᠤ᠂ 2020 ᠤᠨ ᠤ ᠬᠠᠷᠠᠴᠢᠨ ᠬᠤᠰᠢᠭᠤᠨ ᠤ ᠦᠨᠳᠦᠷ ᠬᠡᠪ ᠪᠤᠯᠪᠠᠰᠤᠷᠠᠯ ᠪᠦᠬᠦᠢ ᠲᠠᠷᠢᠶᠠᠴᠢᠨ

ᠮᠠᠯᠴᠢᠳ ᠤᠨ ᠬᠦᠮᠦᠵᠢᠯ ᠤᠨ ᠠᠩᠬᠠᠳᠠᠭᠴᠢ ᠬᠤᠭᠤᠴᠠᠭᠠᠨ ᠤ ᠪᠤᠯᠪᠠᠰᠤᠷᠠᠯ ᠤᠨ ᠠᠩᠬᠢ ᠬᠢᠴᠢᠶᠠᠯ ᠡᠬᠢᠯᠡᠯ᠎ᠡ᠃

ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ᠂ ᠬᠤᠰᠢᠭᠤᠨ ᠤ ᠲᠠᠷᠢᠶᠠᠯᠠᠩ ᠮᠠᠯ ᠠᠵᠤ

ᠠᠬᠤᠢ ᠶᠢᠨ ᠲᠤᠪᠴᠢᠶᠠᠨ ᠤ ᠲᠠᠷᠤᠭ᠎ᠠ ᠪᠢᠴᠢᠭᠳᠦ ᠠᠩᠬᠢ ᠡᠬᠢᠯᠡᠬᠦ ᠶᠤᠰᠤᠯᠠᠯ ᠳᠤ ᠤᠷᠤᠯᠴᠠᠪᠠ᠃

   ᠪᠢᠴᠢᠭᠳᠦ ᠠᠴᠠ ︽ᠬᠡᠷᠬᠢᠨ ᠦᠨᠳᠦᠷ ᠬᠡᠪ ᠪᠤᠯᠪᠠᠰᠤᠷᠠᠯ ᠲᠠᠢ ᠲᠠᠷᠢᠶᠠᠴᠢᠨ ᠪᠤᠯᠬᠤ ᠪᠤᠢ︾ ᠭᠡᠬᠦ ᠠᠩᠬᠠᠨ

ᠬᠢᠴᠢᠶᠡᠯ ᠤᠷᠤᠪᠠ᠃ ᠤᠯᠤᠰ ᠤᠨ ᠲᠦᠷᠦ ᠶᠢᠨ ᠪᠤᠳᠤᠯᠭ᠎ᠠ᠂ ᠤᠶᠢᠷ᠎ᠠ ᠬᠠᠪᠢ ᠶᠢᠨ ᠨᠡᠶᠢᠳᠡᠯᠢᠭ ᠵᠢᠱᠢᠶ᠎ᠠ ᠪᠠᠷ

ᠲᠠᠮᠵᠢᠭᠤᠯᠵᠤ᠂ ᠶᠠᠭᠠᠬᠢᠪᠠᠯ ᠰᠠᠶ᠋ᠢ ᠦᠨᠳᠦᠷ ᠬᠡᠪ ᠪᠤᠯᠪᠠᠰᠤᠷᠠᠯ ᠲᠠᠢ ᠲᠠᠷᠢᠶᠠᠴᠢᠨ ᠭᠡᠬᠦ ᠪᠤᠢ︖ ᠦᠨᠳᠦᠷ ᠬᠡᠪ

ᠪᠤᠯᠪᠠᠰᠤᠷᠠᠯ ᠲᠠᠢ ᠲᠠᠷᠢᠶᠠᠴᠢᠨ ᠬᠡᠷᠬᠢᠨ ᠪᠤᠯᠬᠤ ᠪᠤᠢ︖ ᠭᠡᠳᠡᠭ ᠢ ᠠᠮᠢᠳᠤᠯᠢᠭ ᠲᠠᠶᠢᠯᠪᠤᠷᠢᠯᠠᠵᠦ ᠦᠭᠪᠡ᠃

   ᠲᠤᠰ ᠤᠳᠠᠭᠠᠨ ᠤ ᠪᠤᠯᠪᠠᠰᠤᠷᠠᠯ ᠨᠢ ᠬᠢᠴᠢᠶᠡᠯ ᠤᠨ ᠲᠠᠩᠬᠢᠮ ᠳᠤ ᠵᠢᠭᠠᠨ ᠰᠤᠷᠭᠠᠬᠤ᠂ ᠲᠤᠬᠠᠢ ᠶᠢᠨ

ᠲᠠᠯᠠᠪᠠᠢ ᠳᠤ ᠵᠢᠭᠠᠬᠤ᠂ ᠲᠤᠭᠤᠷᠢᠨ ᠦᠵᠡᠵᠤ ᠰᠤᠷᠤᠯᠴᠠᠬᠤ ᠶᠢ ᠤᠶᠠᠯᠳᠤᠭᠤᠯᠤᠨ ᠶᠠᠪᠤᠭᠳᠠᠭᠤᠯᠪᠠ᠃ ᠬᠦᠳᠡᠭᠡ

ᠲᠤᠰᠬᠤᠨ ᠢ ᠮᠠᠨᠳᠤᠭᠤᠯᠬᠤ ᠶᠢ ᠭᠦᠨᠵᠡᠭᠡᠢ ᠠᠬᠢᠭᠤᠯᠬᠤ ᠳᠤ ᠴᠢᠩᠭ᠎ᠠ ᠲᠤᠯᠭᠠᠭᠤᠷᠢᠯᠠᠯ ᠬᠠᠩᠭᠠᠪᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号