ᠵᠢᠨᠱᠠᠨ ᠪᠠᠯᠭᠠᠰᠤ᠄ ᠡᠯᠧᠺᠲᠷᠤᠨ ᠬᠤᠳᠠᠯᠳᠤᠭ᠎ᠠ ᠬᠢᠬᠦ ᠪᠤᠯᠪᠠᠰᠤᠷᠠᠯ ᠢᠶᠠᠷ ᠦᠢᠯᠡᠰ ᠪᠤᠰᠬᠠᠵᠤ ᠤᠷᠤᠯᠭ᠎ᠠ  ᠪᠠᠨ ᠨᠡᠮᠡᠭᠳᠡᠭᠦᠯᠬᠦ ᠶᠢ ᠲᠠᠶᠢᠴᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2021/1/14

   ᠤᠶᠢᠷ᠎ᠠ ᠳᠤ᠂ ᠵᠢᠨᠱᠠᠨ ᠪᠠᠯᠭᠠᠰᠤ ᠺᠠᠳ᠋ᠷ᠂ ᠲᠤᠰᠬᠤᠨ ᠤ ᠬᠤᠶᠠᠷ ᠵᠦᠪᠯᠡᠯ ᠵᠢᠴᠢ ᠲᠡᠵᠢᠭᠡᠵᠦ ᠦᠷᠡᠵᠢᠬᠦᠯᠬᠦ

ᠬᠤᠷᠰᠢᠶᠠᠵᠢᠯ ᠤᠨ 50 ᠭᠠᠷᠤᠢ ᠬᠦᠮᠦᠨ ᠬᠤᠰᠢᠭᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠮᠡᠳᠡᠯᠭᠡ

ᠲᠦᠭᠡᠮᠡᠯᠵᠢᠯᠡᠬᠦᠯᠬᠦ ᠵᠢᠴᠢ ᠪᠤᠯᠪᠠᠰᠤᠷᠠᠯ ᠳᠤ ᠤᠷᠤᠯᠴᠠᠪᠠ᠃

   ᠲᠤᠰ ᠤᠳᠠᠭᠠᠨ ᠤ ᠪᠤᠯᠪᠠᠰᠤᠷᠠᠯ ᠳᠤ ᠲᠤᠰᠬᠠᠢ ᠮᠡᠷᠭᠡᠵᠢᠯ ᠤᠨ ᠪᠠᠭᠰᠢ ᠤᠷᠢᠵᠤ ᠭᠠᠷ ᠤᠳᠠᠰᠤ ᠪᠠᠷ ᠬᠡᠷᠬᠢᠨ

ᠰᠡᠭᠦᠳᠡᠷᠯᠡᠬᠦ᠂ ︽ᠰᠦᠯᠵᠢᠶ᠎ᠡ+ ᠨᠡᠷᠡᠳᠦ ᠲᠡᠮᠳᠡᠭᠳᠦ ᠲᠠᠷᠢᠶᠠᠯᠠᠩ︾ ᠵᠡᠷᠭᠡ ᠠᠭᠤᠯᠭ᠎ᠠ ᠪᠠᠷ ᠲᠠᠶᠢᠯᠤᠮᠵᠢ ᠬᠢᠪᠡ᠃

ᠪᠤᠳᠠᠳᠤ ᠵᠢᠱᠢᠶ᠎ᠠ ᠲᠠᠢ ᠤᠶᠠᠯᠳᠤᠭᠤᠯᠤᠨ᠂ ᠲᠤᠬᠠᠢ ᠶᠢᠨ ᠲᠠᠯᠠᠪᠠᠢ ᠳᠤ ᠪᠤᠳᠠᠳᠠᠢ ᠵᠢᠯᠤᠭᠤᠳᠤᠯᠭ᠎ᠠ ᠬᠢᠭᠰᠡᠨ ᠢᠶᠠᠷ

ᠲᠠᠷᠢᠶᠠᠯᠠᠩ ᠤᠨ ᠪᠦᠳᠦᠭᠡᠭᠳᠡᠭᠦᠨ ᠢᠶᠠᠨ ᠪᠤᠷᠤᠯᠠᠭᠤᠯᠬᠤ ᠰᠢᠨ᠎ᠡ ᠴᠢᠳᠠᠪᠤᠷᠢ ᠡᠵᠡᠮᠰᠢᠵᠦ ᠴᠢᠳᠠᠭᠰᠠᠨ ᠪᠠᠶᠢᠨ᠎ᠠ᠃

    ︽ᠠᠮᠢᠳᠤᠯᠢᠭ ᠠᠷᠭ᠎ᠠ ᠭᠡᠯᠪᠡᠷᠢ ᠪᠠᠷ ᠮᠠᠰᠢ ᠬᠡᠷᠡᠭᠴᠡᠭᠡ ᠲᠠᠢ ᠮᠡᠳᠡᠯᠭᠡ ᠵᠢᠭᠠᠯ᠎ᠠ᠂ ᠮᠠᠨ ᠤ ᠪᠡᠶ᠎ᠡ ᠪᠠᠨ

ᠲᠠᠭᠠᠭᠠᠵᠤ ᠦᠢᠯᠡᠰ ᠪᠤᠰᠬᠠᠬᠤ ᠳᠤ ᠲᠤᠩ ᠶᠡᠭᠡ ᠬᠠᠪᠰᠤᠷᠤᠯᠭ᠎ᠠ ᠪᠤᠯᠤᠨ᠎ᠠ᠃︾ ᠪᠤᠯᠪᠠᠰᠤᠷᠠᠯ ᠳᠤ ᠤᠷᠤᠯᠴᠠᠭᠰᠠᠨ

ᠰᠤᠷᠤᠭᠴᠢᠳ ᠨᠡᠩ ᠤᠯᠠᠨ ᠪᠤᠯᠪᠠᠰᠤᠷᠠᠯ ᠳᠤ ᠤᠷᠤᠯᠴᠠᠬᠤ ᠶᠢ ᠬᠦᠰᠡᠵᠦ᠂ ᠠᠵᠢᠯ ᠤᠯᠵᠤ ᠦᠢᠯᠡᠰ ᠪᠤᠰᠬᠠᠵᠤ᠂

ᠤᠷᠤᠯᠭ᠎ᠠ ᠪᠠᠨ ᠨᠡᠮᠡᠭᠳᠡᠭᠦᠯᠦᠨ᠎ᠡ ᠭᠡᠵᠦ ᠬᠡᠯᠡᠵᠡᠭᠡᠵᠦ ᠪᠠᠶᠢᠪᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号