ᠮᠠᠨ ᠤ ᠬᠤᠰᠢᠭᠤ ᠲᠤᠰᠬᠤᠨ ᠪᠠ ᠨᠡᠶᠢᠭᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠠᠵᠢᠯ ᠢ ᠲᠠᠶᠢᠴᠢᠯᠠᠨ ᠪᠠᠶᠢᠷᠢᠯᠠᠭᠤᠯᠬᠤ ᠵᠢᠴᠢ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/14
 

   ᠤᠶᠢᠷ᠎ᠠ ᠳᠤ᠂ ᠮᠠᠨ ᠤ ᠬᠤᠰᠢᠭᠤ ᠲᠤᠰᠬᠤᠨ ᠪᠠ ᠨᠡᠶᠢᠭᠡᠮ ᠲᠤᠭᠤᠷᠢᠭ ᠤᠨ ︽ᠬᠤᠶᠠᠷ ᠵᠦᠪᠯᠡᠯ︾ ᠤᠨ

ᠬᠤᠭᠤᠴᠠᠭ᠎ᠠ ᠰᠤᠯᠢᠬᠤ ᠠᠵᠢᠯ ᠢ ᠲᠠᠶᠢᠴᠢᠯᠠᠨ ᠪᠠᠶᠢᠷᠢᠯᠠᠭᠤᠯᠬᠤ ᠵᠢᠴᠢ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠤᠨ

ᠬᠤᠷᠠᠯ ᠬᠤᠷᠠᠯᠳᠤᠭᠤᠯᠪᠠ᠃ ᠬᠤᠳᠠ ᠠᠴᠠ ᠮᠠᠨ ᠤ ᠬᠤᠰᠢᠭᠤᠨ ᠳᠤ ᠲᠤᠮᠢᠯᠠᠭᠰᠠᠨ ᠭᠠᠴᠠᠭ᠎ᠠ ᠲᠤᠰᠬᠤᠨ᠂ ᠨᠡᠶᠢᠭᠡᠮ

ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠠᠵᠢᠯ ᠢ ᠱᠠᠯᠠᠪᠳᠠᠨ ᠵᠢᠯᠤᠭᠤᠳᠬᠤ

ᠲᠤᠯᠤᠳᠤᠭᠠᠷ ᠲᠤᠭᠤᠶᠢᠯᠠᠩ ᠤᠨ ᠲᠠᠷᠤᠭ᠎ᠠ᠂ ᠬᠤᠳᠠ ᠶᠢᠨ ᠤᠯᠠᠭᠠᠨ ᠵᠠᠯᠠᠮᠠᠭᠠᠶᠢᠳᠠᠨ ᠤ ᠨᠡᠶᠢᠭᠡᠮᠯᠢᠭ ᠤᠨ ᠲᠡᠳ᠋

ᠭᠦᠢᠴᠡᠳᠭᠡᠭᠴᠢ ᠲᠠᠷᠤᠭ᠎ᠠ ᠸᠠᠩ ᠵᠢᠩ ᠬᠤᠢ ᠨᠠᠷ ᠬᠤᠷᠠᠯ ᠳᠤ ᠤᠷᠤᠯᠴᠠᠵᠤ ᠵᠢᠭᠠᠨ ᠵᠢᠯᠤᠭᠤᠳᠪᠠ᠂ ᠬᠤᠰᠢᠭᠤ

ᠨᠠᠮ ᠤᠨ ᠬᠤᠷᠢᠶᠠᠨ ᠤ ᠱᠦᠵᠢ ᠭᠤᠤ ᠰᠢ ᠬᠤᠸᠠ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ᠂ ᠬᠤᠰᠢᠭᠤᠨ ᠤ

ᠠᠷᠠᠳ ᠤᠨ ᠲᠦᠯᠦᠭᠡᠯᠡᠭᠴᠢᠳ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠶᠧ ᠹᠧᠩ ᠭᠦᠸᠧ᠂ ᠬᠤᠰᠢᠭᠤᠨ ᠤ

ᠵᠠᠰᠠᠭ ᠤᠨ ᠤᠷᠳᠤᠨ ᠤ ᠲᠡᠳ᠋ ᠲᠠᠷᠤᠭ᠎ᠠ ᠮᠠ ᠶᠦᠩ ᠭᠠᠩ ᠬᠤᠷᠠᠯ ᠳᠤ ᠤᠷᠤᠯᠴᠠᠪᠠ᠂ ᠬᠤᠰᠢᠭᠤ ᠨᠠᠮ ᠤᠨ

ᠬᠤᠷᠢᠶᠠᠨ ᠤ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠯᠤ᠋ ᠰᠢᠦ ᠴᠢᠩ ᠬᠤᠷᠠᠯ ᠢ

ᠡᠷᠬᠢᠯᠡᠪᠡ᠃

   ᠸᠠᠩ ᠵᠢᠩ ᠬᠤᠢ ᠵᠢᠭᠠᠵᠤ ᠭᠠᠷᠭᠠᠭᠰᠠᠨ ᠨᠢ᠂ ᠤᠯᠤᠰ ᠲᠦᠷᠦ ᠶᠢᠨ ᠵᠤᠭᠰᠤᠴᠠ ᠪᠠᠨ ᠲᠡᠭᠡᠰᠢᠯᠡᠭᠦᠯᠵᠦ᠂

ᠬᠤᠭᠤᠴᠠᠭ᠎ᠠ ᠰᠤᠯᠢᠬᠤ ᠰᠤᠩᠭᠤᠭᠤᠯᠢ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠬᠦᠯᠵᠦ᠂

ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠶᠢ ᠬᠤᠭᠤᠴᠠᠭ᠎ᠠ

ᠰᠤᠯᠢᠬᠤ ᠰᠤᠩᠭᠤᠭᠤᠯᠢ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠬᠤᠭᠤᠴᠠᠭ᠎ᠠ ᠰᠤᠯᠢᠬᠤ ᠴᠡᠪᠡᠷ ᠴᠢᠭᠡᠴᠢ

ᠤᠷᠴᠢᠨ ᠲᠤᠭᠤᠷᠢᠨ ᠢ ᠪᠤᠢ ᠪᠤᠯᠭᠠᠬᠤ ᠬᠡᠷᠡᠭᠳᠡᠢ ᠭᠡᠪᠡ᠃

   ᠭᠤᠤ ᠰᠢ ᠬᠤᠸᠠ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠭᠡᠵᠦ᠂ ᠪᠦᠬᠦ ᠶᠠᠪᠤᠴᠠ᠂ ᠪᠦᠬᠦ

ᠲᠠᠯ᠎ᠠ᠂ ᠦᠨᠳᠦᠷ ᠴᠢᠨᠰᠠᠭ᠎ᠠ ᠶᠢᠨ ᠠᠵᠢᠯ ᠤᠨ ᠵᠢᠯᠤᠭᠤᠳᠤᠮᠵᠢ ᠶᠢ ᠪᠤᠢ ᠪᠤᠯᠭᠠᠵᠤ᠂ ᠬᠤᠭᠤᠴᠠᠭ᠎ᠠ ᠰᠤᠯᠢᠬᠤ ᠡᠯ᠎ᠡ

ᠵᠦᠢᠯ ᠤᠨ ᠠᠵᠢᠯ ᠢ ᠡᠷᠡᠭᠦᠯ ᠲᠤᠭᠳᠠᠭᠤᠨ ᠢᠶᠠᠷ ᠯᠠᠪᠳᠠᠭᠤᠨ ᠪᠠᠳᠤᠳᠠᠢ ᠠᠬᠢᠭᠤᠯᠵᠤ᠂ ᠦᠨᠡᠨᠴᠢ ᠰᠢᠳᠤᠷᠭᠤ

ᠠᠷᠢᠭᠤᠨ ᠴᠢᠭᠡᠴᠢ ᠲᠤᠰᠬᠤᠨ ᠤ ᠺᠠᠳ᠋ᠷ᠂ ᠬᠦᠴᠦᠷᠭᠡᠭ ᠢ ᠲᠦᠬᠦᠷᠵᠢᠬᠦᠯᠦᠭᠰᠡᠨ ᠬᠦᠨᠳᠦ ᠡᠭᠦᠷᠭᠡ ᠶᠢ ᠡᠭᠦᠷᠭᠡᠯᠡᠬᠦ

ᠤᠳᠤᠷᠢᠳᠬᠤ ᠪᠠᠭ ᠰᠤᠩᠭᠤᠨ ᠭᠠᠷᠭᠠᠬᠤ ᠬᠡᠷᠡᠭᠳᠡᠢ᠃ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠤᠯᠠᠮ

ᠨᠢᠭᠡ ᠠᠯᠬᠤᠮ ᠴᠢᠩᠭᠠᠳᠬᠠᠵᠤ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠱᠠᠳᠤ ᠨᠢᠭᠡᠪᠦᠷᠢ᠂ ᠭᠤᠭᠴᠤᠭ᠎ᠠ

ᠨᠢᠭᠡᠪᠦᠷᠢ᠂ ᠠᠯᠬᠤᠮ ᠲᠠᠷᠠᠭᠠᠯᠠᠯ ᠪᠤᠯᠭᠠᠨ ᠢ ᠨᠠᠮ ᠤᠨ ᠤᠳᠤᠷᠢᠳᠤᠯᠭ᠎ᠠ ᠲᠤᠤᠷ᠎ᠠ ᠪᠠᠶᠢᠯᠭᠠᠵᠤ᠂ ᠨᠠᠮ ᠤᠨ

ᠤᠳᠤᠷᠢᠳᠤᠯᠭ᠎ᠠ ᠶᠢ ᠪᠠᠷᠢᠮᠳᠠᠯᠠᠬᠤ ᠶᠢ ᠬᠤᠭᠤᠴᠠᠭ᠎ᠠ ᠰᠤᠯᠢᠬᠤ ᠰᠤᠩᠭᠤᠭᠤᠯᠢ ᠶᠢᠨ ᠪᠦᠬᠦ ᠶᠠᠪᠤᠴᠠ᠂ ᠪᠦᠬᠦ ᠲᠠᠯ᠎ᠠ ᠳᠤ

ᠪᠤᠢ ᠪᠤᠯᠭᠠᠵᠤ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠡᠭᠦᠷᠭᠡ ᠶᠢ ᠲᠡᠭᠦᠰ ᠠᠮᠵᠢᠯᠳᠠ ᠲᠠᠢ ᠪᠡᠶᠡᠯᠡᠭᠦᠯᠬᠦ

ᠬᠡᠷᠡᠭᠳᠡᠢ ᠭᠡᠵᠦ ᠴᠢᠩᠭᠠᠳᠬᠠᠪᠠ᠃

   ᠯᠤ᠋ ᠰᠢᠦ ᠴᠢᠩ ᠴᠢᠩᠭᠠᠳᠬᠠᠭᠰᠠᠨ ᠨᠢ᠂ ᠪᠦᠬᠦ ᠬᠤᠰᠢᠭᠤᠨ ᠤ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ᠂

ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠬᠤᠷᠠᠯ ᠤᠨ ᠲᠠᠷᠠᠭ᠎ᠠ ᠪᠠᠷ ᠦᠳᠳᠡᠷ ᠲᠦᠷᠭᠡᠨ ᠬᠦᠳᠡᠯᠦᠯᠴᠡᠨ᠂ ᠵᠤᠬᠢᠶᠠᠨ

ᠪᠠᠶᠢᠭᠤᠯᠤᠯᠳᠠ ᠶᠢᠨ ᠪᠠᠶᠢᠭᠤᠯᠤᠮᠵᠢ ᠶᠢ ᠪᠠᠶᠢᠭᠤᠯᠵᠤ᠂ ᠰᠤᠩᠭᠤᠭᠤᠯᠢ ᠶᠢᠨ ᠲᠦᠰᠦᠯ ᠢ ᠲᠤᠭᠳᠠᠭᠠᠨ᠂ ᠬᠤᠷᠠᠯ ᠤᠨ

ᠵᠤᠷᠢᠭ ᠰᠠᠨᠠᠭ᠎ᠠ ᠶᠢ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ᠂ ᠨᠠᠮ ᠤᠨ ᠭᠡᠰᠢᠭᠦᠨ ᠤᠯᠠᠨ

ᠲᠦᠮᠡᠨ ᠨᠢᠭᠡᠪᠦᠷᠢ ᠳᠤ ᠤᠯᠠᠮᠵᠢᠯᠠᠨ ᠦᠭᠴᠦ᠂ ᠪᠦᠬᠦ ᠬᠤᠰᠢᠭᠤ ᠪᠠᠷ ᠢᠶᠠᠨ ᠦᠵᠡᠯ ᠰᠠᠨᠠᠭ᠎ᠠ ᠪᠠᠨ ᠨᠢᠭᠡᠳᠭᠡᠨ᠂

ᠠᠯᠬᠤᠮ ᠢᠶᠠᠨ ᠨᠢᠭᠡᠳᠭᠡᠭᠰᠡᠨ ︽ᠨᠢᠭᠡᠨ ᠬᠦᠯᠭᠡ ᠰᠢᠳᠠᠷ᠎ᠠ︾ ᠶᠢᠨ ᠲᠤᠭᠳᠠᠯᠴᠠᠭ᠎ᠠ ᠶᠢ ᠪᠦᠷᠢᠯᠳᠤᠬᠦᠯᠬᠦ ᠶᠢ

ᠪᠠᠳᠤᠯᠠᠬᠤ ᠬᠡᠷᠡᠭᠳᠡᠢ ᠭᠡᠪᠡ᠃

   ᠪᠦᠬᠦ ᠬᠤᠰᠢᠭᠤᠨ ᠤ ᠲᠤᠰᠬᠤᠨ᠂ ᠨᠡᠶᠢᠭᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ

ᠰᠤᠯᠢᠬᠤ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠤᠨ ᠭᠡᠰᠢᠭᠦᠳ᠂ ᠤᠳᠤᠷᠢᠳᠬᠤ ᠪᠠᠭ᠎ᠠ ᠲᠤᠭᠤᠶᠢᠯᠠᠩ ᠤᠨ

ᠠᠯᠪᠠᠨ ᠭᠡᠷ ᠤᠨ ᠭᠡᠰᠢᠭᠦᠳ᠂ ᠲᠤᠰᠬᠤᠨ᠂ ᠨᠡᠶᠢᠭᠡᠮ ᠲᠤᠭᠤᠷᠢᠭ ᠤᠨ ︽ᠬᠤᠶᠠᠷ ᠵᠦᠪᠯᠡᠯ︾  ᠤᠨ ᠬᠤᠭᠤᠴᠠᠭ᠎ᠠ

ᠰᠤᠯᠢᠬᠤ ᠠᠵᠢᠯ ᠵᠢᠯᠤᠭᠤᠳᠬᠤ ᠲᠤᠭᠤᠶᠢᠯᠠᠩ ᠤᠨ ᠭᠡᠰᠢᠭᠦᠳ᠂ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶

ᠨᠠᠮ ᠤᠨ ︵ᠠᠵᠢᠯᠯᠠᠬᠤ ᠬᠤᠷᠢᠶ᠎ᠠ︶ ᠬᠤᠷᠢᠶᠠᠨ ᠤ ᠱᠦᠵᠢ᠂ ᠲᠡᠳ᠋ ᠱᠦᠵᠢ᠂ ᠵᠤᠬᠢᠶᠠᠨ ᠪᠠᠶᠢᠭᠤᠯᠬᠤ ᠬᠡᠰᠢᠭᠦᠳ

ᠬᠤᠷᠠᠯ ᠲᠤ ᠤᠷᠤᠯᠴᠠᠪᠠ᠃

   ᠬᠤᠷᠠᠯ ᠲᠡᠭᠡᠷ᠎ᠡ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠬᠢᠯᠭᠡᠪᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号