ᠪᠡᠭᠡᠵᠢᠩ ᠬᠤᠳᠠ ᠶᠢᠨ ᠪᠠᠷᠠᠭᠤᠨ ᠬᠤᠳᠠ ᠲᠤᠭᠤᠷᠢᠭ ᠤᠨ ᠦᠢᠯᠡᠴᠢᠯᠡᠬᠡᠨ ᠤ ᠬᠠᠷᠢᠯᠴᠠᠬᠤ ᠠᠯᠪᠠᠨ ᠭᠡᠷ ᠤᠨ ᠬᠢᠨᠢ ᠮᠠᠨ ᠤ ᠬᠤᠰᠢᠭᠤᠨ ᠳᠤ ᠢᠷᠡᠵᠦ ᠵᠡᠭᠦᠨ ᠪᠠᠷᠠᠭᠤᠨ ᠤᠷᠤᠨ ᠤ ᠶᠠᠳᠠᠭᠤ ᠶᠢ ᠲᠡᠮᠵᠢᠬᠦ ᠬᠠᠮᠵᠢᠯᠴᠠᠬᠤ ᠠᠵᠢᠯ ᠢ ᠬᠢᠨᠠᠨ ᠵᠢᠯᠤᠭᠤᠳᠪᠠ
ᠨᠡᠶᠢᠲᠡᠯᠡᠭᠰᠡᠨ ᠴᠠᠭ᠄
2021/1/14

   ᠤᠶᠢᠷ᠎ᠠ ᠳᠤ᠂ ᠪᠡᠭᠡᠵᠢᠩ ᠬᠤᠳᠠ ᠶᠢᠨ ᠪᠠᠷᠠᠭᠤᠨ ᠬᠤᠳᠠ ᠲᠤᠭᠤᠷᠢᠭ ᠤᠨ ᠦᠢᠯᠡᠴᠢᠯᠡᠬᠡᠨ ᠤ ᠬᠠᠷᠢᠯᠴᠠᠬᠤ

ᠠᠯᠪᠠᠨ ᠭᠡᠷ ᠤᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠡᠷᠬᠢᠯᠡᠭᠴᠢ ᠵᠤᠤ ᠯᠢ᠂ ᠨᠠᠮ ᠤᠨ

ᠤᠳᠤᠷᠢᠳᠬᠤ ᠲᠤᠭᠤᠶᠢᠯᠠᠩ ᠤᠨ ᠭᠡᠰᠢᠭᠦᠨ ᠾᠦᠸᠧ ᠯᠢ ᠺᠠᠢ ᠨᠠᠷ ᠮᠠᠨ ᠤ ᠬᠤᠰᠢᠭᠤᠨ ᠳᠤ ᠢᠷᠡᠵᠦ ᠵᠡᠭᠦᠨ

ᠪᠠᠷᠠᠭᠤᠨ ᠤᠷᠤᠨ ᠤ ᠶᠠᠳᠠᠭᠤ ᠶᠢ ᠲᠡᠮᠵᠢᠬᠦ ᠬᠠᠮᠵᠢᠯᠴᠠᠬᠤ ᠠᠵᠢᠯ ᠢ ᠬᠢᠨᠠᠨ ᠵᠢᠯᠤᠭᠤᠳᠪᠠ᠃ ᠬᠤᠰᠢᠭᠤ ᠨᠠᠮ ᠤᠨ

ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠲᠡᠳ᠋ ᠲᠠᠷᠤᠭ᠎ᠠ ᠸᠠᠩ ᠶᠠᠨ ᠪᠢᠨ ᠪᠠᠷ᠎ᠠ ᠪᠤᠯᠪᠠ᠃

   ᠸᠠᠩ ᠶᠠᠨ ᠪᠢᠨ ᠪᠡᠭᠡᠵᠢᠩ ᠦᠪᠦᠷ ᠮᠤᠩᠭᠤᠯ ᠤᠨ ᠬᠠᠪᠰᠤᠷᠤᠨ ᠲᠡᠮᠵᠢᠬᠦ ᠠᠵᠢᠯ ᠤᠨ ᠪᠤᠳᠠᠳᠠᠢ ᠪᠠᠶᠢᠳᠠᠯ ᠲᠠᠢ

ᠤᠶᠠᠯᠳᠤᠭᠤᠯᠤᠨ᠂ 2020 ᠤᠨ ᠤ ᠵᠡᠭᠦᠨ ᠪᠠᠷᠠᠭᠤᠨ ᠤᠷᠤᠨ ᠤ ᠶᠠᠳᠠᠭᠤ ᠶᠢ ᠲᠡᠳᠬᠦᠬᠦ  ᠬᠠᠮᠵᠢᠯᠴᠠᠭᠠᠨ ᠤ ᠬᠢᠨᠠᠨ

 ᠰᠢᠯᠭᠠᠯᠳᠠ ᠶᠢ ᠬᠦᠯᠢᠶᠡᠬᠦ ᠠᠵᠢᠯ ᠶᠢᠨ ᠪᠠᠶᠢᠳᠠᠯ ᠢ ᠨᠠᠷᠢᠨ ᠨᠢᠮᠪᠠᠢ ᠬᠠᠷᠢᠭᠤ ᠮᠡᠳᠡᠬᠦᠯᠦᠯᠳᠡ ᠬᠢᠪᠡ᠃ ᠲᠤᠰ

ᠤᠳᠠᠭᠠᠨ ᠤ ᠬᠢᠨᠠᠨ ᠵᠢᠯᠤᠭᠤᠳᠬᠤ ᠠᠵᠢᠯ ᠤᠨ ᠲᠤᠬᠢᠷᠠᠭᠤᠯᠤᠯᠳᠠ ᠶᠤᠰᠤᠭᠠᠷ ︽ᠪᠠᠷᠠᠭᠤᠨ ᠬᠤᠳᠠ ᠲᠤᠭᠤᠷᠢᠭ—

ᠬᠠᠷᠠᠴᠢᠨ ᠬᠤᠰᠢᠭᠤᠨ ᠤ 2020 ᠤᠨ ᠤ ᠵᠡᠭᠦᠨ ᠪᠠᠷᠠᠭᠤᠨ ᠤᠷᠤᠨ ᠤ ᠶᠠᠳᠠᠭᠤ ᠶᠢ ᠲᠡᠮᠵᠢᠬᠦ ᠬᠠᠮᠵᠢᠯᠴᠠᠭᠠᠨ ᠤ

ᠵᠢᠯ ᠤᠨ ᠪᠦᠷᠢᠳᠭᠡᠯ ᠤᠨ ᠬᠦᠰᠦᠨᠦᠭᠳᠦ︾ ᠵᠡᠷᠭᠡ 6 ᠲᠠᠯ᠎ᠠ ᠶᠢᠨ ᠬᠢᠨᠠᠨ ᠰᠢᠯᠭᠠᠬᠤ ᠲᠤᠭ᠎ᠠ ᠨᠤᠷᠮ᠎ᠠ ᠶᠢ ᠬᠠᠷᠢᠯᠴᠠᠨ

ᠵᠤᠯᠭᠠᠭᠤᠯᠵᠤ᠂ ᠲᠡᠭᠦᠯᠳᠡᠷᠵᠢᠭᠦᠯᠪᠡ᠃

   ᠵᠤᠤ ᠯᠢ ᠴᠢᠩᠭᠠᠳᠬᠠᠭᠰᠠᠨ ᠨᠢ᠂ 2020 ᠤᠨ ᠤ ᠵᠡᠭᠦᠨ ᠪᠠᠷᠠᠭᠤᠨ ᠤᠷᠤᠨ ᠤ ᠶᠠᠳᠠᠭᠤ ᠶᠢ ᠲᠡᠮᠵᠢᠬᠦ

ᠬᠠᠮᠵᠢᠯᠴᠠᠭᠠᠨ ᠤ ᠵᠢᠯ ᠤᠨ ᠦᠷ᠎ᠡ ᠪᠦᠳᠦᠮᠵᠢ ᠶᠢ ᠬᠢᠨᠠᠨ ᠰᠢᠯᠭᠠᠬᠤ ᠨᠢ ᠪᠠᠷᠢᠮᠵᠢᠶ᠎ᠠ ᠨᠢ ᠦᠨᠳᠦᠷ᠂ ᠱᠠᠭᠠᠷᠳᠠᠯᠭ᠎ᠠ ᠨᠢ

ᠴᠢᠩᠭ᠎ᠠ᠂  ᠨᠠᠷᠢᠨ ᠪᠤᠳᠠᠳᠠᠢ ᠬᠢᠨᠠᠨ ᠰᠢᠯᠭᠠᠬᠤ ᠨᠢᠭᠡ ᠤᠳᠠᠭᠠᠨ ᠤ ᠬᠢᠨᠠᠨ ᠰᠢᠯᠭᠠᠯᠳᠠ ᠶᠤᠮ᠂ ᠬᠢᠨᠠᠨ ᠰᠢᠯᠭᠠᠬᠤ

ᠪᠠᠷᠢᠮᠵᠢᠶ᠎ᠠ ᠶᠢ ᠵᠤᠷᠪᠤᠰ ᠵᠦᠢᠯ ᠲᠠᠷᠠᠭᠠᠯᠠᠨ ᠵᠠᠳᠠᠯᠵᠤ᠂ ᠪᠦᠷᠢᠳᠭᠡᠬᠦ ᠶᠤᠰᠤᠳᠠᠢ ᠵᠦᠢᠯ ᠢ ᠪᠦᠬᠦᠨ ᠢ ᠪᠦᠷᠢᠳᠭᠡᠵᠦ᠂

ᠭᠡᠭᠡᠭᠳᠡᠭᠦᠯᠵᠦ ᠤᠷᠬᠢᠭᠰᠠᠨ ᠵᠦᠢᠯ ᠢ ᠨᠦᠬᠦᠪᠦᠷᠢᠯᠡᠨ᠂ ᠵᠡᠭᠦᠨ ᠪᠠᠷᠠᠭᠤᠨ ᠤᠷᠤᠨ ᠤ ᠶᠠᠳᠠᠭᠤ ᠶᠢ ᠲᠡᠮᠵᠢᠬᠦ

ᠬᠠᠮᠵᠢᠯᠴᠠᠭᠠᠨ ᠤ ᠤᠯᠤᠰ ᠤᠨ ᠰᠢᠯᠭᠠᠯᠳᠠ ᠶᠢᠨ ᠠᠵᠢᠯ ᠤᠨ ᠡᠭᠦᠷᠭᠡ ᠶᠢ ᠲᠡᠭᠦᠰ ᠠᠮᠵᠢᠯᠳᠠ ᠲᠠᠢ ᠪᠡᠶᠡᠯᠡᠭᠦᠯᠬᠦ

ᠬᠡᠷᠡᠭᠳᠡᠢ ᠭᠡᠵᠡᠢ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号