ᠯᠢᠦ ᠶᠧ ᠶᠠᠩ᠄ ︽ᠬᠠᠮᠤᠭ ᠭᠤᠶᠤ︾ ᠬᠠᠷᠢᠭᠤᠯᠳᠠ ᠶᠢᠨ ᠬᠠᠭᠤᠳᠠᠰᠤ ᠪᠠᠨ ᠪᠢᠴᠢᠭᠯᠡᠵᠦ ᠪᠠᠶᠢᠨᠠᠮ
ᠨᠡᠶᠢᠲᠡᠯᠡᠭᠰᠡᠨ ᠴᠠᠭ᠄
2021/1/14

   ᠲᠦᠪ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ᠂ ᠲᠦᠪ ᠬᠤᠷᠢᠶᠠᠨ ᠤ ᠤᠬᠠᠭᠤᠯᠬᠤ ᠬᠡᠯᠳᠡᠰ   ᠠᠴᠠ ︽

ᠬᠠᠮᠤᠭ ᠭᠤᠶᠤ ᠠᠯᠪᠠᠳᠠᠨ︾ ᠢ ᠠᠳᠠᠯᠢᠳᠬᠠᠨ ᠰᠢᠯᠭᠠᠷᠠᠭᠤᠯᠤᠭᠰᠠᠨ ᠳ᠋ᠦᠩ ᠢ ᠨᠡᠶᠢᠳᠡᠯᠡᠯ᠎ᠡ᠂ 32 ᠬᠦᠮᠦᠨ ︽

ᠬᠠᠮᠤᠭ ᠭᠤᠶᠤ ᠠᠯᠪᠠᠳᠠᠨ︾ ᠢᠶᠠᠷ ᠰᠤᠩᠭᠤᠭᠳᠠᠪᠠ᠃ ᠲᠡᠬᠦᠨ ᠤ ᠲᠤᠳᠤᠷ᠎ᠠ᠂ ᠬᠠᠷᠠᠴᠢᠨ ᠬᠤᠰᠢᠭᠤᠨ ᠤ ᠡᠮᠡᠭᠡᠯ

ᠠᠭᠤᠯᠠ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ ᠯᠢᠦ ᠶᠧ ᠶᠠᠩ ᠨᠢ ᠦᠪᠦᠷ ᠮᠤᠩᠭᠤᠯ ᠤᠨ ᠦᠪᠡᠷᠳᠡᠭᠡᠨ

ᠵᠠᠰᠠᠬᠤ ᠤᠷᠤᠨ ᠤ ᠴᠤᠷ ᠤᠨ ᠭᠠᠭᠴᠠ ᠡᠨᠡ ᠬᠦ ᠠᠯᠳᠠᠷ ᠢ ᠬᠦᠷᠳᠡᠭᠰᠡᠨ ᠠᠯᠪᠠᠳᠠᠨ ᠶᠤᠮ᠃

   2016 ᠤᠨ ᠳᠤ᠂ ᠯᠢᠦ ᠶᠧ ᠶᠠᠩ ᠵᠢᠷᠤᠮᠤᠰᠤᠨ ᠪᠦᠰᠡᠭᠦᠢ ᠪᠠ ᠭᠤᠷᠪᠠᠨ ᠨᠠᠰᠤᠳᠠᠢ ᠬᠡᠦᠬᠡᠨ ᠠᠴᠠ ᠪᠠᠨ

ᠠᠶᠠᠷᠯᠠᠨ᠂ ᠡᠮᠡᠭᠡᠯ ᠠᠭᠤᠯᠠ ᠲᠤᠰᠬᠤᠨ ᠳᠤ ᠬᠦᠷᠴᠦ ︽ᠨᠢᠭᠡᠳᠦᠭᠡᠷ ᠱᠦᠵᠢ︾ ᠶᠢᠨ ᠲᠤᠰᠢᠶᠠᠯ ᠢ ᠡᠭᠦᠷᠭᠡᠯᠡᠨ᠂

ᠨᠢᠭᠡᠨᠳᠡ 4 ᠵᠢᠯ ᠪᠤᠯᠴᠢᠬᠠᠯ᠎ᠠ᠃

   ᠲᠤᠬᠠᠢ ᠶᠢᠨ ᠵᠢᠯ ᠬᠤᠷᠢᠨ ᠲᠤᠯᠤᠭᠠᠬᠠᠨ ᠨᠠᠰᠤᠳᠠᠢ ᠯᠢᠦ ᠶᠧ ᠶᠠᠩ ᠬᠦᠴᠢᠷ ᠪᠡᠷᠬᠡᠳᠡᠢ ᠤᠷᠴᠢᠨ ᠲᠤᠭᠤᠷᠢᠨ

 ᠠᠴᠠ ᠠᠶᠤᠨ ᠰᠦᠷᠳᠡᠵᠦ ᠤᠬᠤᠷᠢᠨ ᠰᠠᠭᠤᠭᠰᠠᠨ ᠪᠢᠰᠢ᠂ ᠬᠠᠷᠢᠨ ᠠᠶᠢᠯ ᠡᠷᠦᠬᠡ ᠲᠠᠷᠠᠭᠠᠯᠠᠨ ᠠᠰᠠᠭᠤᠨ

ᠰᠤᠷᠠᠭᠯᠠᠵᠤ᠂ ᠡᠮᠡᠭᠡᠯ ᠠᠭᠤᠯᠠ ᠲᠤᠰᠬᠤᠨ ᠤ ᠪᠤᠳᠠᠳᠤ ᠪᠠᠶᠢᠳᠠᠯ ᠳᠤ ᠨᠡᠶᠢᠴᠡᠭᠰᠡᠨ ᠠᠵᠤ ᠦᠢᠯᠡᠰ ᠢᠶᠠᠷ ᠶᠠᠳᠠᠭᠤ

 ᠠᠴᠠ ᠠᠩᠬᠢᠵᠢᠷᠠᠭᠤᠯᠬᠤ ᠵᠠᠮ ᠢ ᠡᠷᠢᠯᠬᠢᠯᠡᠵᠦ ᠡᠬᠢᠯᠡᠪᠡ᠃

   ᠡᠮᠡᠭᠡᠯ ᠠᠭᠤᠯᠠ ᠲᠤᠰᠬᠤᠨ ᠳᠤ ᠠᠭᠤᠯᠠᠨ ᠦᠵᠦᠮ ᠢ ᠭᠤᠴᠢ ᠭᠠᠷᠤᠢ ᠵᠢᠯ ᠲᠠᠷᠢᠵᠦ ᠤᠷᠭᠤᠭᠤᠯᠤᠭᠰᠠᠨ

ᠲᠡᠦᠬᠡ ᠲᠠᠢ ᠪᠤᠯᠪᠠᠴᠤ᠂ ᠦᠩᠭᠡᠷᠡᠭᠰᠡᠨ ᠳᠤ ᠵᠦᠪᠬᠡᠨ ᠦᠪᠡᠷᠰᠡᠳ ᠢᠶᠠᠨ ᠲᠠᠷᠢᠵᠦ ᠦᠪᠡᠷᠰᠡᠳ ᠢᠶᠠᠨ ᠪᠤᠷᠤᠯᠠᠭᠤᠯᠵᠤ

᠂ ᠲᠠᠷᠢᠵᠤ ᠤᠷᠭᠤᠭᠤᠯᠤᠭᠰᠠᠨ ᠡᠷᠦᠬᠡ ᠶᠢᠨ ᠠᠰᠢᠭ ᠤᠷᠤᠯᠭ᠎ᠠ ᠪᠠᠷᠤᠭᠳᠠᠢ ᠯᠠ ᠪᠠᠶᠢᠪᠠ᠃ 2016 ᠤᠨ ᠳᠤ᠂ ᠯᠢᠦ

ᠶᠧ ᠶᠠᠩ ᠪᠠ ᠶᠠᠳᠠᠭᠤ ᠠᠴᠠ ᠠᠩᠬᠢᠵᠢᠷᠠᠭᠤᠯᠬᠤ ᠠᠵᠢᠯᠯᠠᠬᠤ ᠠᠩᠬᠢ ᠶᠢᠨ ᠬᠢᠨ ᠠᠶᠢᠯ ᠡᠷᠦᠬᠡ ᠳᠤ ᠭᠦᠨᠵᠡᠭᠡᠶᠢᠷᠡᠨ

ᠤᠬᠠᠭᠤᠯᠭ᠎ᠠ ᠬᠢᠵᠦ᠂ ᠲᠤᠰᠬᠠᠢ ᠮᠡᠷᠭᠡᠵᠢᠯᠳᠡᠨ ᠲᠠᠢ ᠬᠠᠷᠢᠯᠴᠠᠨ ᠡᠭᠦᠯᠳᠡᠷ ᠢ ᠦᠭᠡᠷᠡᠴᠢᠯᠡᠬᠦ ᠪᠠᠷ ᠪᠤᠯᠵᠠᠢ᠃ ᠬᠡᠳᠦᠨ

ᠵᠢᠯ ᠪᠤᠯᠴᠢᠬᠠᠯ᠎ᠠ᠂ ᠲᠤᠰᠬᠤᠨ ᠤ ᠠᠭᠤᠯᠠᠨ ᠦᠵᠦᠮ ᠲᠠᠷᠢᠬᠤ ᠲᠠᠯᠠᠪᠠᠢ 2016 ᠤᠨ ᠤ ᠬᠢ ᠠᠴᠠ 2000

ᠪᠠᠶᠢᠭᠰᠠᠨ ᠠᠴᠠ ᠪᠠᠨ ᠤᠳᠤᠬᠠᠨ ᠳᠤ 3600 ᠮᠤ᠋ ᠪᠤᠯᠪᠠ᠂ ᠮᠤ᠋ ᠪᠦᠷᠢ ᠶᠢᠨ ᠭᠠᠷᠤᠯᠳᠠ ᠨᠢ ᠤᠤᠯ ᠤᠨ 1500

ᠵᠢᠩ ᠪᠠᠶᠢᠭᠰᠠᠨ ᠠᠴᠠ ᠪᠠᠨ ᠤᠳᠤᠬᠠᠨ ᠳᠤ 2000 ᠵᠢᠩ ᠪᠤᠯᠵᠤ ᠨᠡᠮᠡᠭᠳᠡᠨ᠂ ᠮᠤ᠋ ᠪᠦᠷᠢ ᠶᠢᠨ ᠴᠡᠪᠡᠷ ᠤᠷᠤᠯᠭ᠎ᠠ

 ᠨᠢ 4000 ᠲᠦᠭᠦᠷᠢᠭ ᠢ ᠲᠠᠪᠠᠪᠠ᠂ 33 ᠡᠷᠦᠬᠡ ᠠᠭᠤᠯᠠᠨ ᠦᠵᠦᠮ ᠲᠠᠷᠢᠵᠦ ᠶᠠᠳᠠᠭᠤ ᠠᠴᠠ ᠪᠠᠨ

ᠲᠤᠭᠳᠠᠪᠤᠷᠢᠳᠠᠢ ᠠᠩᠬᠢᠵᠢᠷᠠᠯ᠎ᠠ᠃

    ︽2019 ᠤᠨ ᠤ 7 ᠰᠠᠷ᠎ᠠ ᠶᠢᠨ 15 ᠤ ᠡᠳᠦᠷ᠂ ᠰᠢ ᠶᠢᠨ ᠫᠢᠩ ᠶᠡᠷᠦᠩᠬᠡᠢ ᠱᠦᠵᠢ ᠮᠠᠨ ᠤ

ᠲᠤᠰᠬᠤᠨ ᠳᠤ ᠢᠷᠡᠵᠦ ᠰᠢᠨᠵᠢᠯᠡᠨ ᠪᠠᠶᠢᠴᠠᠭᠠᠯ᠎ᠠ᠂ ᠶᠡᠷᠦᠩᠬᠡᠢ ᠱᠦᠵᠢ ᠮᠠᠨᠤᠰ ᠢ ᠲᠤᠬᠠᠢ ᠶᠢᠨ ᠭᠠᠵᠠᠷ ᠲᠠᠭᠠᠨ

ᠲᠤᠬᠢᠷᠠᠭᠤᠯᠵᠤ᠂ ᠲᠤᠰᠬᠤᠨ ᠳᠤ ᠪᠠᠨ ᠲᠤᠬᠢᠷᠠᠭᠰᠠᠨ ᠪᠤᠳᠤᠯᠭ᠎ᠠ ᠬᠡᠷᠡᠭᠵᠢᠬᠦᠯᠦᠨ᠂ ᠠᠵᠤ ᠦᠢᠯᠡᠰ ᠢᠶᠠᠷ ᠲᠠᠷᠢᠶᠠᠴᠢᠨ

ᠡᠷᠦᠬᠡ ᠶᠢᠨ ᠤᠷᠤᠯᠭ᠎ᠠ ᠶᠢ ᠨᠡᠮᠡᠭᠳᠡᠬᠦᠯᠬᠦ ᠪᠤᠯᠭᠠᠬᠤ ᠬᠡᠷᠡᠭᠳᠡᠢ ᠭᠡᠵᠦ ᠱᠠᠭᠠᠷᠳᠠᠪᠠ᠃ ᠶᠡᠷᠦᠩᠬᠡᠢ ᠱᠦᠵᠢ ᠶᠢᠨ

ᠵᠢᠭᠠᠪᠤᠷᠢ ᠮᠠᠨ ᠤ ᠠᠵᠤ ᠦᠢᠯᠡᠰ ᠢ ᠬᠦᠭᠵᠢᠬᠦᠯᠬᠦ ᠡᠷᠡᠰ ᠵᠤᠷᠢᠭ ᠢ ᠬᠦᠪᠴᠢᠯᠡᠪᠡ︕︾  ᠯᠢᠦ ᠶᠧ ᠶᠠᠩ

ᠲᠤᠬᠠᠢ ᠶᠢᠨ ᠦᠶ᠎ᠡ ᠶᠢᠨ ᠪᠠᠶᠢᠳᠠᠯ ᠢ ᠲᠤᠷᠠᠰᠤᠨ ᠰᠠᠨᠠᠭᠠᠯᠵᠠᠬᠤ ᠪᠦᠷᠢ ᠰᠡᠳᠬᠢᠯ ᠤᠨ ᠲᠠᠪᠠᠯᠭ᠎ᠠ ᠨᠢ ᠤᠶᠢᠯᠤᠨ

ᠴᠠᠯᠬᠢᠯᠠᠵᠤ᠂ ᠡᠷᠴᠢ ᠵᠤᠷᠢᠭ ᠤᠷᠬᠢᠯᠤᠨ ᠪᠠᠶᠢᠯ᠎ᠠ᠃

   ᠯᠢᠦ ᠶᠧ ᠶᠠᠩ ᠠᠭᠤᠯᠠᠨ ᠦᠵᠦᠮ ᠤᠨ ᠬᠤᠷᠰᠢᠶᠠᠵᠢᠯ ᠢ ᠲᠡᠰ ᠲᠠᠪᠰᠢᠭᠤᠯᠬᠤ ᠠᠵᠢᠯ ᠢ ᠲᠠᠷᠤᠢ ᠲᠦᠷᠭᠡᠨ

ᠬᠢᠪᠡ᠂ 46 ᠲᠦᠮᠡᠨ ᠲᠦᠭᠦᠷᠢᠭ ᠤᠨ ᠲᠦᠷᠦᠯ ᠵᠦᠢᠯ ᠤᠨ ᠪᠡᠯᠡ ᠮᠦᠩᠭᠦ ᠤᠷᠤᠭᠤᠯᠵᠤ᠂ ᠠᠭᠤᠯᠠᠨ ᠦᠵᠦᠮ ᠤᠨ

ᠠᠷᠢᠬᠢ ᠨᠡᠷᠡᠬᠦ ᠺᠤᠮᠫᠠᠨᠢ ᠪᠠᠶᠢᠭᠤᠯᠵᠤ᠂ ᠵᠢᠩ ᠪᠦᠷᠢ 2 ᠲᠦᠭᠦᠷᠢᠭ ᠤᠨ ᠪᠠᠳᠤᠯᠠᠭᠠᠨ ᠤ ᠦᠨ᠎ᠡ ᠪᠠᠷ ᠠᠭᠤᠯᠠᠨ

ᠦᠵᠦᠮ ᠬᠤᠳᠠᠯᠳᠤᠨ ᠠᠪᠴᠤ᠂ 248 ᠡᠷᠦᠬᠡ ᠠᠰᠢᠭ ᠬᠦᠷᠳᠡᠪᠡ᠃

   ᠯᠢᠦ ᠶᠧ ᠶᠠᠩ ᠲᠤᠰᠬᠤᠨ ᠳᠤ ᠰᠠᠭᠤᠭ᠎ᠠ ᠠᠵᠢᠯᠯᠠᠬᠤ ᠠᠩᠬᠢ᠂ ᠬᠤᠶᠠᠷ ᠵᠦᠪᠯᠡᠯ ᠤᠨ ᠬᠡᠰᠢᠭᠦᠳ ᠲᠠᠢ

ᠬᠤᠯᠪᠤᠭᠠᠯᠠᠨ᠂ ᠠᠭᠤᠯᠠᠨ ᠦᠵᠦᠮ ᠤᠨ ᠠᠵᠤ ᠦᠢᠯᠡᠰ ᠪᠠ ᠵᠢᠭᠤᠯᠴᠢᠯᠠᠯ ᠤᠨ ᠦᠢᠯᠡᠰ ᠢ ᠤᠶᠠᠯᠳᠤᠭᠤᠯᠤᠨ᠂ ︽

ᠬᠦᠳᠡᠭᠡ ᠲᠤᠰᠬᠤᠨ ᠤ ᠵᠢᠭᠤᠯᠴᠢᠯᠠᠯ+︾ ᠬᠡᠯᠪᠡᠷᠢ ᠮᠠᠶ᠋ᠢᠭ ᠢᠶᠠᠷ ᠢᠳᠡᠬᠦ᠂ ᠬᠤᠨᠤᠭᠯᠠᠬᠤ᠂ ᠶᠠᠪᠤᠬᠤ᠂ ᠵᠤᠭᠠᠴᠠᠬᠤ᠂

ᠬᠤᠳᠠᠯᠳᠤᠨ ᠠᠪᠬᠤ᠂ ᠵᠤᠭ᠎ᠠ ᠴᠡᠩᠬᠡᠯ ᠵᠡᠷᠭᠡ ᠪᠦᠬᠦ ᠲᠠᠯ᠎ᠠ ᠶᠢᠨ ᠪᠠᠶᠢᠳᠠᠯ ᠢ ᠬᠠᠮᠤᠷᠠᠭᠰᠠᠨ ᠪᠡᠶᠡᠴᠢᠯᠡᠨ ᠤᠶᠢᠯᠠᠭᠠᠬᠤ

ᠬᠡᠯᠪᠡᠷᠢ ᠲᠠᠢ ᠪᠤᠯᠭᠠᠪᠠ᠃ ᠤᠳᠤᠬᠠᠨ ᠳᠤ᠂ ᠲᠤᠰᠬᠤᠨ ᠤ ︽ᠲᠠᠷᠢᠶᠠᠴᠢᠨ ᠠᠶᠢᠯ ᠤᠨ ᠪᠠᠶᠠᠰᠤᠯ︾ ᠨᠢ 12 ᠡᠷᠦᠬᠡ

 ᠠᠴᠠ ᠪᠠᠨ 15 ᠡᠷᠦᠬᠡ ᠪᠤᠯᠵᠤ᠂ ᠵᠢᠯ ᠳᠤ 15.2 ᠲᠦᠮᠡᠨ ᠬᠦᠮᠦᠨ ᠢ ᠬᠦᠯᠢᠶᠡᠨ ᠵᠤᠴᠢᠯᠠᠵᠦ᠂ 100 ᠭᠠᠷᠤᠢ

ᠬᠦᠮᠦᠨ ᠵᠢᠭᠤᠯᠴᠢᠯᠠᠯ ᠤᠨ ᠦᠢᠯᠡᠴᠢᠯᠡᠬᠡᠨ ᠳᠤ ᠰᠢᠭᠤᠳ ᠪᠤᠶᠤ ᠲᠠᠮ ᠢᠶᠠᠷ ᠤᠷᠤᠯᠴᠠᠬᠤ ᠪᠤᠯᠵᠠᠢ᠃

   ᠬᠡᠳᠦᠨ ᠵᠢᠯ ᠤᠨ ᠴᠢᠷᠮᠠᠶᠢᠯᠭ᠎ᠠ ᠪᠠᠷ 2017 ᠤᠨ ᠤ ᠡᠴᠤᠰ ᠪᠤᠯᠬᠤ ᠳᠤ᠂ ᠡᠮᠡᠭᠡᠯ ᠠᠭᠤᠯᠠ ᠲᠤᠰᠬᠤᠨ ᠨᠢ

ᠶᠠᠳᠠᠭᠤ ᠬᠦᠴᠢᠷᠳᠡᠯᠳᠡᠢ ᠨᠡᠷ᠎ᠡ ᠪᠠᠨ ᠲᠠᠶᠠᠭᠳᠠᠵᠤ᠂ ᠲᠤᠰ ᠭᠠᠵᠠᠷ ᠲᠠᠭᠠᠨ ᠠᠯᠳᠠᠷᠰᠢᠭᠰᠠᠨ ᠠᠮᠢ ᠠᠬᠤᠢ ᠶᠢᠨ

ᠲᠤᠰᠬᠤᠨ ᠪᠠ ᠬᠦᠳᠡᠭᠡ ᠶᠢᠨ ᠵᠢᠭᠤᠯᠴᠢᠯᠠᠯ ᠤᠨ ᠲᠤᠰᠬᠤᠨ ᠪᠤᠯᠵᠤ᠂ ︽ᠲᠤᠮᠳᠠᠳᠤ ᠤᠯᠤᠰ ᠤᠨ ᠬᠦᠳᠡᠭᠡ

ᠲᠤᠰᠬᠤᠨ ᠤ ᠵᠢᠭᠤᠯᠴᠢᠯᠠᠯ ᠤᠨ ᠵᠢᠱᠢᠶ᠎ᠠ ᠦᠵᠡᠬᠦᠯᠬᠦ ᠲᠤᠰᠬᠤᠨ︾ ᠢᠶᠠᠷ ᠠᠮᠵᠢᠯᠳᠠᠳᠠᠢ ᠰᠤᠩᠭᠤᠭᠳᠠᠪᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号