ᠤᠯᠠᠭᠠᠨᠬᠠᠳᠠ ᠶᠢᠨ ᠪᠠᠷᠢᠯᠭ᠎ᠠ ᠶᠢᠨ ᠢᠨᠵᠧᠨᠧᠷᠢᠩ ᠤᠨ ᠰᠤᠷᠭᠠᠭᠤᠯᠢ ᠨᠢ ᠠᠩᠬᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠨᠠᠶᠢᠷ ᠵᠢᠴᠢ ᠭᠤᠤᠯ ᠰᠡᠳᠤᠪᠳᠤ ᠨᠠᠶᠢᠷᠠᠯ ᠲᠠᠭᠤᠤ ᠶᠢᠨ ᠶᠡᠭᠡ ᠤᠷᠤᠯᠳᠤᠭᠠᠨ ᠡᠷᠭᠢᠯᠡᠪᠡ
ᠨᠡᠶᠢᠲᠡᠯᠡᠭᠰᠡᠨ ᠴᠠᠭ᠄
2021/1/14

   ᠤᠶᠢᠷ᠎ᠠ ᠶᠢᠨ ᠡᠳᠦᠷ᠂ ᠤᠯᠠᠭᠠᠨᠬᠠᠳᠠ ᠶᠢᠨ ᠪᠠᠷᠢᠯᠭ᠎ᠠ ᠶᠢᠨ ᠢᠨᠵᠧᠨᠧᠷᠢᠩ ᠤᠨ ᠰᠤᠷᠭᠠᠭᠤᠯᠢ ᠨᠢ ᠠᠩᠬᠠᠳᠤᠭᠠᠷ

ᠬᠤᠭᠤᠴᠠᠭᠠᠨ ᠤ ︽ᠴᠢ ᠭᠦᠩ ᠬᠤᠨᠳᠠᠭᠠᠳᠤ︾ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠨᠠᠶᠢᠷ ᠵᠢᠴᠢ ︽

ᠠᠩᠬᠠᠨ ᠤ ᠵᠤᠷᠢᠯᠳᠠ ᠪᠠᠨ ᠮᠠᠷᠳᠠᠬᠤ ᠦᠭᠡᠢ᠂ ᠵᠠᠯᠠᠭᠤ ᠨᠠᠰᠤᠨ ᠤ ᠬᠦᠰᠡᠯ ᠬᠦᠭᠡᠭᠡᠴᠡᠯᠳᠦᠯ—  ᠪᠢ ᠡᠬᠡ ᠤᠯᠤᠰ

 ᠲᠠᠢ ᠪᠠᠨ︾ ᠭᠡᠬᠦ ᠭᠤᠤᠯ ᠰᠡᠳᠤᠪᠳᠤ ᠨᠠᠶᠢᠷᠠᠯ ᠲᠠᠭᠤᠤ ᠶᠢᠨ ᠶᠡᠭᠡ ᠤᠷᠤᠯᠳᠤᠭᠠᠨ ᠡᠷᠭᠢᠯᠡᠪᠡ᠂ ᠪᠦᠬᠦ

ᠰᠤᠷᠭᠠᠭᠤᠯᠢ ᠶᠢᠨ ᠡᠯ᠎ᠡ ᠲᠤᠰᠬᠠᠢ ᠮᠡᠷᠭᠡᠵᠢᠯ ᠤᠨ ᠬᠡᠯᠳᠡᠰ ᠤᠨ 11 ᠠᠩᠬᠢ ᠲᠤᠰ ᠤᠳᠠᠭᠠᠨ ᠤ ᠤᠷᠤᠯᠳᠤᠭᠠᠨ ᠳᠤ

ᠤᠷᠤᠯᠴᠠᠪᠠ᠃

    ︽ᠬᠤᠷᠮᠤᠰᠳᠠ ᠲᠡᠭᠷᠢ ᠲᠤᠮᠳᠠᠳᠤ ᠶᠢ ᠭᠡᠷᠡᠯᠳᠦᠭᠦᠯᠪᠡ︾ ︽ᠬᠡᠦᠭᠡᠳ ᠪᠠᠭᠠᠴᠤᠳ ᠲᠤᠮᠳᠠᠳᠤ ᠪᠠᠨ ᠶᠠᠷᠢᠬᠤᠢ︾

ᠵᠡᠷᠭᠡ ᠭᠤᠴᠤ ᠰᠠᠶᠢᠬᠠᠨ ᠨᠠᠶᠢᠷᠠᠯ ᠲᠠᠭᠤᠤ ᠨᠢ ᠬᠤᠶᠢᠨ᠎ᠠ ᠬᠤᠶᠢᠨ᠎ᠠ ᠠᠴᠠ ᠪᠠᠨ ᠲᠠᠶᠢᠵᠠᠨ᠎ᠠ ᠬᠠᠩᠬᠢᠨᠠᠵᠤ᠂

ᠤᠯᠠᠭᠠᠨᠬᠠᠳᠠ ᠶᠢᠨ ᠪᠠᠷᠢᠯᠭ᠎ᠠ ᠶᠢᠨ ᠢᠨᠵᠧᠨᠧᠷᠢᠩ ᠤᠨ ᠰᠤᠷᠭᠠᠭᠤᠯᠢ ᠶᠢᠨ ᠰᠤᠷᠤᠭᠴᠢᠳ ᠤᠨ ᠡᠬᠡ ᠤᠯᠤᠰ ᠲᠠᠭᠠᠨ

ᠢᠷᠦᠭᠡᠯ ᠵᠦᠩᠨᠡᠯ ᠢᠶᠠᠨ ᠲᠠᠪᠰᠢᠭᠦᠯᠵᠦ ᠬᠢᠵᠠᠭᠠᠯᠠᠰᠢ ᠦᠭᠡᠢ ᠬᠠᠯᠠᠭᠤᠨ ᠬᠠᠶᠢᠷ᠎ᠠ ᠪᠠᠨ ᠨᠠᠶᠢᠷᠠᠯ ᠲᠠᠭᠤᠤ ᠪᠠᠷ ᠢᠶᠠᠨ

ᠢᠯᠡᠳᠭᠡᠵᠦ ᠪᠠᠶᠢᠯ᠎ᠠ᠃

   ᠲᠤᠰ ᠤᠳᠠᠭᠠᠨ ᠤ ᠤᠷᠤᠯᠳᠤᠭᠠᠨ ᠢᠶᠠᠷ ᠪᠠᠭᠰᠢ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠬᠠᠯᠠᠭᠤᠨ

ᠬᠠᠶᠢᠷ᠎ᠠ ᠶᠢ ᠬᠦᠭᠵᠢᠭᠡᠵᠦ᠂ ᠪᠠᠭᠰᠢ ᠰᠤᠷᠤᠭᠴᠢᠳ ᠤᠨ ᠰᠢᠯᠢᠳᠡᠭ ᠰᠠᠶᠢᠨ ᠵᠤᠷᠢᠭ ᠰᠠᠨᠠᠭᠠᠨ ᠤ ᠲᠦᠷᠢ ᠲᠦᠷᠬᠦ ᠪᠠ

ᠰᠤᠷᠭᠠᠭᠤᠯᠢ ᠶᠢᠨ ᠬᠦᠷᠢᠶᠡᠨ ᠤ ᠦᠩᠭᠡ ᠪᠠᠶᠢᠳᠠᠯ ᠢ ᠲᠡᠯᠭᠡᠨ ᠦᠵᠡᠭᠦᠯᠵᠦ᠂ ᠪᠦᠬᠦ ᠰᠤᠷᠭᠠᠭᠤᠯᠢ ᠶᠢᠨ

ᠰᠤᠷᠤᠭᠴᠢᠳ ᠲᠤ ᠡᠬᠡ ᠤᠯᠤᠰ ᠲᠠᠢ ᠬᠤᠪᠢ ᠵᠠᠶᠠᠭ᠎ᠠ ᠪᠠᠨ ᠬᠤᠯᠪᠤᠵᠤ ᠦᠭᠡᠳᠡᠯᠡᠨ ᠲᠠᠪᠰᠢᠬᠤ ᠵᠦᠪ ᠡᠨᠧᠷᠬᠢ ᠶᠢ

ᠶᠡᠭᠦᠯᠡᠨ ᠦᠭᠪᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号