ᠬᠠᠷᠠᠴᠢᠨ ᠬᠤᠰᠢᠭᠤ ᠶᠠᠳᠠᠭᠤ ᠠᠴᠠ ᠠᠩᠬᠢᠵᠢᠷᠠᠭᠤᠯᠤᠨ ᠰᠢᠪᠳᠤᠯᠤᠯᠳᠠ ᠬᠢᠬᠦ ᠤᠬᠠᠭᠤᠯᠭ᠎ᠠ ᠶᠢᠨ ᠠᠵᠢᠯ ᠤᠨ ᠵᠤᠬᠢᠴᠠᠭᠤᠯᠤᠯᠳᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/14

   ᠤᠶᠢᠷ᠎ᠠ ᠶᠢᠨ ᠡᠳᠦᠷ᠂ ᠬᠠᠷᠠᠴᠢᠨ ᠬᠤᠰᠢᠭᠤ ᠶᠠᠳᠠᠭᠤ ᠠᠴᠠ ᠠᠩᠬᠢᠵᠢᠷᠠᠭᠤᠯᠤᠨ ᠰᠢᠪᠳᠤᠯᠤᠯᠳᠠ ᠬᠢᠬᠦ

ᠤᠬᠠᠭᠤᠯᠭ᠎ᠠ ᠶᠢᠨ ᠠᠵᠢᠯ ᠤᠨ ᠵᠤᠬᠢᠴᠠᠭᠤᠯᠤᠯᠳᠠ ᠶᠢᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ

 ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠳᠡᠰ ᠤᠨ ᠲᠠᠷᠤᠭ᠎ᠠ ᠸᠠᠩ ᠰᠢᠶᠤᠤ ᠵᠢᠶᠦ᠋ᠨ ᠬᠤᠷᠠᠯ ᠡᠷᠬᠢᠯᠡᠵᠦ

ᠶᠠᠷᠢᠶ᠎ᠠ ᠲᠠᠯᠪᠢᠪᠡ᠃

   ᠸᠠᠩ ᠰᠢᠶᠤᠤ ᠵᠢᠶᠦ᠋ᠨ ᠵᠢᠭᠠᠵᠤ ᠭᠠᠷᠭᠠᠭᠰᠠᠨ ᠨᠢ᠂ ᠶᠠᠷᠢᠶ᠎ᠠ ᠬᠡᠯᠡᠯᠴᠡᠭᠡ ᠶᠢᠨ ᠤᠬᠠᠭᠤᠯᠭ᠎ᠠ ᠪᠠ ᠦᠵᠡᠯ

ᠰᠠᠨᠠᠭᠠᠨ ᠤ ᠲᠠᠨᠢᠯᠳᠠ ᠪᠠᠨ ᠲᠠᠬᠢᠨᠳᠠ ᠲᠡᠭᠡᠭᠰᠢᠯᠡᠬᠦᠯᠬᠦ ᠬᠡᠷᠡᠭᠳᠡᠢ᠃ ᠡᠯ᠎ᠡ ᠱᠠᠳᠤ ᠡᠯ᠎ᠡ ᠰᠠᠯᠠᠭ᠎ᠠ ᠮᠦᠴᠢᠷ ᠨᠢ

ᠤᠳᠤᠷᠢᠳᠤᠯᠭ᠎ᠠ ᠪᠠᠨ ᠴᠢᠩᠭᠠᠳᠬᠠᠵᠤ᠂ ᠤᠬᠠᠭᠤᠯᠭ᠎ᠠ ᠶᠢᠨ ᠠᠵᠢᠯ ᠢ ᠠᠩᠬᠠᠷᠤᠯ ᠳᠤ ᠪᠠᠨ ᠠᠪᠴᠤ᠂ ᠰᠠᠶᠢᠳᠤᠷ

ᠠᠳᠬᠤᠬᠤ ᠬᠡᠷᠡᠭᠳᠡᠢ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠤᠬᠢᠶᠠᠨ ᠪᠠᠶᠢᠭᠤᠯᠵᠤ᠂ ᠰᠠᠶᠢᠳᠤᠷ

ᠠᠳᠬᠤᠨ᠂ ᠠᠰᠠᠭᠤᠨ ᠰᠤᠷᠠᠭᠯᠠᠵᠤ ᠪᠠᠶᠢᠬᠤ ᠬᠡᠷᠡᠭᠳᠡᠢ᠂ ᠲᠤᠰᠬᠠᠢ ᠬᠦᠮᠦᠨ ᠲᠤᠮᠢᠯᠠᠨ ᠤᠬᠠᠭᠤᠯᠭ᠎ᠠ ᠶᠢᠨ ᠡᠭᠦᠷᠭᠡ

 ᠪᠠᠨ ᠪᠡᠶᠡᠯᠡᠬᠦᠯᠬᠦ ᠬᠡᠷᠡᠭᠳᠡᠢ᠃ ᠬᠤᠳᠠ ᠶᠢᠨ ᠲᠡᠰ ᠠᠴᠠ ᠲᠡᠭᠡᠭᠰᠢᠬᠢ ᠵᠠᠭᠤᠴᠢ ᠳᠤ ᠶᠠᠳᠠᠭᠤ ᠠᠴᠠ ᠠᠩᠬᠢᠵᠢᠷᠠᠭᠤᠯᠬᠤ

ᠤᠬᠠᠭᠤᠯᠭ᠎ᠠ ᠨᠡᠶᠢᠳᠡᠯᠡᠬᠦ ᠲᠤᠭ᠎ᠠ ᠶᠢ ᠲᠠᠬᠢᠨᠳᠠ ᠲᠡᠭᠡᠭᠰᠢᠯᠡᠬᠦᠯᠬᠦ ᠬᠡᠷᠡᠭᠳᠡᠢ᠃

   ᠬᠤᠷᠠᠯ ᠲᠡᠭᠡᠷ᠎ᠡ ︽ᠤᠯᠠᠭᠠᠨᠬᠠᠳᠠ ᠬᠤᠳᠠ ᠶᠢᠨ ᠶᠠᠳᠠᠭᠤ ᠠᠴᠠ ᠠᠩᠬᠢᠵᠢᠷᠠᠭᠤᠯᠤᠨ ᠰᠢᠪᠳᠤᠯᠤᠯᠳᠠ ᠬᠢᠬᠦ

ᠰᠤᠷᠠᠭ ᠵᠠᠩᠬᠢ ᠶᠢᠨ ᠤᠬᠠᠭᠤᠯᠭ᠎ᠠ ᠶᠢᠨ ᠦᠷ᠎ᠡ ᠪᠦᠳᠦᠭᠡᠯ︾ ᠵᠢᠴᠢ ᠮᠠᠨ ᠤ ᠬᠤᠰᠢᠭᠤᠨ ᠤ ᠶᠠᠳᠠᠭᠤ ᠠᠴᠠ

ᠠᠩᠬᠢᠵᠢᠷᠠᠭᠤᠯᠤᠨ ᠰᠢᠪᠳᠤᠯᠤᠯᠳᠠ ᠬᠢᠬᠦ ᠤᠬᠠᠭᠤᠯᠭ᠎ᠠ ᠶᠢᠨ ᠪᠠᠶᠢᠳᠠᠯ ᠵᠠᠷᠯᠠᠨ ᠨᠡᠶᠢᠳᠡᠯᠡᠪᠡ᠃ ︽ᠤᠯᠠᠭᠠᠨᠬᠠᠳᠠ

ᠬᠤᠳᠠ ᠶᠢᠨ ︿ᠨᠠᠨᠳᠢᠨ ᠨᠠᠶᠢᠳᠠᠯᠭ᠎ᠠ ᠶᠢ ᠪᠠᠳᠤ ᠴᠡᠭᠡᠵᠢᠯᠡᠵᠦ᠂ ᠠᠴᠢ ᠡᠯᠪᠡᠷᠢᠯ ᠳᠤ ᠲᠠᠯᠠᠷᠬᠠᠨ ᠡᠷᠯᠡᠬᠡᠭᠯᠡᠨ

ᠤᠷᠤᠭᠰᠢᠯᠠᠬᠤ﹀ ᠶᠠᠳᠠᠭᠤ ᠠᠴᠠ ᠠᠩᠬᠢᠵᠢᠷᠠᠭᠤᠯᠤᠨ ᠰᠢᠪᠳᠤᠯᠤᠯᠳᠠ ᠬᠢᠬᠦ ᠭᠤᠤᠯ ᠰᠡᠳᠤᠪᠳᠤ ᠬᠦᠳᠡᠯᠭᠡᠭᠡᠨ ᠤ

ᠲᠦᠰᠦᠯ︾ ᠤᠩᠰᠢᠨ ᠨᠡᠶᠢᠳᠡᠯᠡᠪᠡ᠃ ᠮᠠᠨ ᠤ ᠬᠤᠰᠢᠭᠤᠨ ᠤ ᠬᠡᠰᠡᠭ ᠬᠤᠭᠤᠴᠠᠭᠠᠨ ᠤ ᠲᠤᠷᠰᠢᠬᠢ ᠶᠠᠳᠠᠭᠤ ᠠᠴᠠ

ᠠᠩᠬᠢᠵᠢᠷᠠᠭᠤᠯᠤᠨ ᠰᠢᠪᠳᠤᠯᠤᠯᠳᠠ ᠬᠢᠬᠦ ᠤᠬᠠᠭᠤᠯᠭ᠎ᠠ ᠶᠢᠨ ᠠᠵᠢᠯ ᠢ ᠳ᠋ᠦᠩᠨᠠᠨ ᠡᠷᠬᠢᠴᠡᠬᠦᠯᠵᠦ᠂ ᠲᠠᠷᠠᠭ᠎ᠠ

ᠠᠯᠬᠤᠮ ᠤᠨ ᠠᠵᠢᠯ ᠢ ᠲᠤᠬᠢᠷᠠᠭᠤᠯᠪᠠ᠃

   ᠤᠶᠢᠯᠠᠭᠠᠭᠰᠠᠨ ᠢᠶᠠᠷ᠂ ᠦᠨᠦ ᠵᠢᠯ ᠤᠨ 10 ᠠᠴᠠ11 ᠰᠠᠷ᠎ᠠ ᠳᠤ᠂ ᠪᠦᠬᠦ ᠬᠤᠰᠢᠭᠤᠨ ᠤ ᠶᠠᠳᠠᠭᠤ ᠠᠴᠠ

ᠠᠩᠬᠢᠵᠢᠷᠠᠭᠤᠯᠬᠤ ᠤᠬᠠᠭᠤᠯᠭ᠎ᠠ ᠶᠢᠨ52 ᠡᠬᠡ ᠪᠢᠴᠢᠭ ᠨᠢ ᠡᠯᠰᠡᠭᠦᠯᠪᠡ᠃ ᠡᠭᠦᠨ ᠤ ᠲᠤᠳᠤᠷ᠎ᠠ᠂ ᠰᠢᠨᠬᠤᠸᠠ

ᠬᠤᠷᠢᠶ᠎ᠠ᠂ ᠲᠦᠪ ᠲᠧᠯᠧᠢᠰ᠂ ᠠᠵᠤ ᠠᠬᠤᠢ ᠶᠢᠨ ᠡᠳᠦᠷ ᠤᠨ ᠰᠤᠨᠢᠨ ᠵᠡᠷᠭᠡ ᠤᠯᠤᠰ ᠤᠨ ᠲᠡᠰ ᠤᠨ ᠰᠤᠨᠢᠨ

ᠮᠡᠳᠡᠭᠡᠨ ᠤ ᠵᠠᠭᠤᠴᠢᠯᠠᠭᠤᠷ ᠲᠤ 11 ᠮᠡᠳᠡᠭᠡ ᠨᠡᠶᠢᠳᠡᠯᠡᠭᠳᠡᠵᠦ᠂ ᠦᠪᠦᠷ ᠮᠤᠩᠭᠤᠯ ᠤᠨ ᠡᠳᠦᠷ ᠤᠨ ᠰᠤᠨᠢᠨ᠂

ᠦᠪᠦᠷ ᠮᠤᠩᠭᠤᠯ ᠤᠨ ᠲᠧᠯᠧᠢᠰ ᠵᠡᠷᠭᠡ ᠤᠷᠤᠨ ᠤ ᠲᠡᠰ ᠤᠨ ᠵᠠᠭᠤᠴᠢᠯᠠᠭᠤᠷ ᠲᠤ 11 ᠵᠤᠷᠪᠤᠰ ᠮᠡᠳᠡᠭᠡ

ᠨᠡᠶᠢᠳᠡᠯᠡᠭᠳᠡᠵᠦ᠂ ᠤᠯᠠᠭᠠᠨᠬᠠᠳᠠ ᠶᠢᠨ ᠡᠳᠦᠷ ᠤᠨ ᠰᠤᠨᠢᠨ ᠵᠡᠷᠭᠡ ᠬᠤᠳᠠ ᠶᠢᠨ ᠲᠠᠰ ᠤᠨ ᠵᠠᠭᠤᠴᠢᠯᠠᠭᠤᠷ ᠲᠤ 30

ᠡᠬᠡ ᠪᠢᠴᠢᠭ ᠨᠡᠶᠢᠳᠡᠯᠡᠭᠳᠡᠪᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号