︽ᠪᠢ ᠤᠯᠠᠨ ᠲᠦᠮᠡᠨ ᠳᠤ ᠪᠤᠳᠠᠲᠠᠢ ᠠᠵᠢᠯ ᠬᠢᠵᠤ ᠦᠭᠭᠦᠨ᠎ᠡ︾  ᠬᠠᠷᠠᠴᠢᠨ ᠬᠤᠰᠢᠭᠤᠨ ᠤ ᠠᠵᠢᠯ ᠤᠯᠭᠤᠯᠲᠠ ᠶᠢᠨ ᠦᠢᠯᠡᠴᠢᠯᠡᠭᠡᠨ ᠤ ᠲᠦᠪ᠄ ᠳᠡᠭᠡᠳᠦ ᠰᠤᠷᠭᠠᠭᠤᠯᠢ ᠤᠨ ᠲᠡᠭᠦᠰᠦᠭᠰᠡᠨ ᠰᠤᠷᠤᠭᠴᠢᠳ  ᠤᠨ ᠠᠵᠢᠯ ᠤᠯᠵᠤ ᠦᠢᠯᠡᠰ ᠴᠤᠭᠴᠠᠯᠠᠬᠤ ᠵᠠᠮ ᠳᠠᠬᠢ ᠠᠩᠬᠠᠨ ᠤ ᠲᠤᠪᠴᠢ ᠶᠢ ᠨᠢ ᠰᠠᠶᠢᠲᠤᠷ ᠠᠳᠬᠠᠵᠤ ᠦᠭᠭᠦᠨ᠎ᠡ
ᠨᠡᠶᠢᠲᠡᠯᠡᠭᠰᠡᠨ ᠴᠠᠭ᠄
2021/10/11
︽ᠪᠢ ᠤᠯᠠᠨ ᠲᠦᠮᠡᠨ ᠳᠤ ᠪᠤᠳᠠᠲᠠᠢ ᠠᠵᠢᠯ ᠬᠢᠵᠤ ᠦᠭᠭᠦᠨ᠎ᠡ︾   ᠬᠠᠷᠠᠴᠢᠨ ᠬᠤᠰᠢᠭᠤᠨ ᠤ ᠠᠵᠢᠯ ᠤᠯᠭᠤᠯᠲᠠ  ᠶᠢᠨ ᠦᠢᠯᠡᠴᠢᠯᠡᠭᠡᠨ ᠤ ᠲᠦᠪ᠄ ᠳᠡᠭᠡᠳᠦ ᠰᠤᠷᠭᠠᠭᠤᠯᠢ ᠤᠨ ᠲᠡᠭᠦᠰᠦᠭᠰᠡᠨ ᠰᠤᠷᠤᠭᠴᠢᠳ ᠤᠨ ᠠᠵᠢᠯ ᠤᠯᠵᠤ ᠦᠢᠯᠡᠰ ᠴᠤᠭᠴᠠᠯᠠᠬᠤ ᠵᠠᠮ ᠳᠠᠬᠢ ᠠᠩᠬᠠᠨ ᠤ ᠲᠤᠪᠴᠢ ᠶᠢ ᠨᠢ ᠰᠠᠶᠢᠲᠤᠷ ᠠᠳᠬᠠᠵᠤ ᠦᠭᠭᠦᠨ᠎ᠡ     ᠣᠶᠢᠷ᠎ᠠ ᠶᠢᠨ ᠵᠢᠯ ᠤᠳ ᠲᠤ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠶᠡᠷᠦᠩᠬᠡᠶ ᠲᠤᠭ᠎ᠠ ᠵᠢᠯ ᠳᠠᠷᠠᠭᠠᠯᠠᠨ ᠨᠡᠮᠡᠭᠳᠡᠵᠦ᠂ ᠠᠵᠢᠯ ᠤᠯᠬᠤ ᠪᠠ ᠠᠳᠠᠯ ᠦᠶᠯᠡᠰ ᠴᠣᠭᠴᠠᠯᠠᠬᠤ ᠥᠷᠢᠰᠥᠯᠳᠦᠭᠡᠨ ᠡᠳᠦᠷ ᠢᠷᠡᠬᠦᠶ᠎ᠡ ᠰᠢᠷᠦᠭᠦᠰᠴᠦ ᠪᠠᠶᠢᠨ᠎ᠠ᠃ ᠵᠠᠷᠢᠮ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠲᠣᠰ ᠪᠡᠶ᠎ᠡ ᠶᠢᠨ ᠬᠠᠤᠯᠢ ᠴᠠᠭᠠᠵᠠ ᠶᠢᠨ ᠮᠡᠳᠡᠯᠭᠡ ᠳᠤᠲᠠᠮᠠᠭ᠂ ᠡᠷᠬᠡ ᠪᠠᠨ ᠬᠠᠮᠠᠭᠠᠯᠠᠬᠤ ᠤᠬᠠᠮᠰᠠᠷ ᠳᠤᠲᠠᠮᠠᠭ᠂ ᠨᠡᠶᠢᠭᠡᠮ ᠤᠨ ᠲᠤᠷᠰᠢᠯᠭ᠎ᠠ ᠳᠤᠲᠠᠮᠠᠭ ᠤᠴᠢᠷ ᠠᠴᠠ ᠠᠵᠢᠯ ᠣᠯᠵᠤ ᠦᠶᠯᠡᠰ ᠴᠣᠭᠴᠠᠯᠠᠬᠤ ᠶᠠᠪᠤᠴᠠ ᠳᠤ ᠬᠠᠤᠯᠢ ᠴᠠᠭᠠᠵᠠ ᠶᠢ ᠬᠦᠨᠳᠡᠬᠦ ᠬᠡᠷᠡᠭ ᠪᠠᠶᠢᠨ ᠳᠠᠬᠢᠨ ᠭᠠᠷᠴᠤ ᠪᠠᠶᠢᠨ᠎ᠠ᠃     ᠠᠵᠢᠯ ᠡᠷᠢᠬᠦ ᠵᠠᠮ ᠳᠠᠭᠠᠨ ᠪᠠᠶᠢᠭ᠎ᠠ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠬᠠᠷᠠᠭ᠎ᠠ ᠶᠢ ᠬᠤᠷᠴᠠ ᠪᠣᠯᠭᠠᠵᠤ᠂ ᠬᠠᠤᠯᠢ ᠲᠣᠭᠲᠠᠭᠠᠯ ᠳᠤ ᠨᠡᠶᠢᠴᠡᠭᠦᠯᠦᠨ ᠠᠳᠠᠯ ᠦᠢᠯᠡᠰ ᠴᠣᠭᠴᠠᠯᠠᠨ ᠠᠵᠢᠯ ᠤᠯᠭᠤᠯᠬᠤ ᠶᠢᠨ ᠲᠦᠯᠦᠭᠡ᠂ ᠬᠠᠷᠠᠴᠢᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ︽ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ︾ ︽ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠡᠷᠢᠬᠦ ᠠᠷᠪᠠᠨ ᠶᠡᠭᠡ ᠤᠨᠠᠭᠤᠯᠢ ᠪᠠ ᠠᠷᠭᠠᠴᠠᠬᠤ ᠠᠷᠭ᠎ᠠ︾ ᠶᠢ ᠳᠠᠷᠤᠮᠠᠯᠯᠠᠨ ᠲᠠᠷᠬᠠᠭᠠᠪᠠ᠃ ᠡᠭᠦᠨ ᠤ ᠬᠠᠮᠲᠤ ᠲᠤᠰᠬᠠᠶ ᠬᠥᠮᠦᠨ ᠲᠣᠮᠢᠯᠠᠨ ᠢᠷᠡᠵᠦ ᠮᠡᠳᠡᠭᠡᠯᠡᠭᠰᠡᠨ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠲᠤ ᠠᠵᠢᠯ ᠣᠯᠭᠤᠯᠲᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠵᠢᠴᠢ ᠡᠯ᠎ᠡ ᠲᠥᠷᠥᠯ ᠤᠨ ᠠᠵᠢᠯ ᠡᠷᠭᠢᠯᠡᠬᠦ ︽ᠮᠡᠬᠡᠯᠡᠯ︾ ᠢ ᠨᠠᠷᠢᠨ ᠬᠢᠨᠠᠮᠠᠭᠠᠶ ᠲᠠᠶᠢᠯᠪᠤᠷᠢᠯᠠᠨ ᠥᠭᠴᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠨ᠂ ᠲᠡᠳᠡᠨ ᠤ ᠡᠯ᠎ᠡ ᠲᠥᠷᠥᠯ ᠤᠨ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠢᠯᠭᠠᠨ ᠲᠠᠨᠢᠬᠤ᠂ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠵᠢᠴᠢ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠪᠠᠨ ᠳᠡᠭᠡᠭᠰᠢᠯᠡᠭᠦᠯᠬᠦ ᠳᠤᠨᠢ ᠬᠠᠪᠰᠤᠷᠤᠯᠭ᠎ᠠ ᠦᠵᠡᠭᠦᠯᠵᠡᠶ᠃ᠤᠶᠤᠲᠠᠳ ᠢ ᠬᠠᠪᠰᠤᠷᠤᠨ ᠵᠥᠪ ᠣᠨᠣᠪᠴᠢᠲᠠᠶ ᠠᠵᠢᠯ ᠣᠯᠭᠤᠯᠲᠠ ᠶᠢᠨ ᠦᠵᠡᠯᠲᠡ ᠶᠢ ᠪᠤᠢ ᠪᠣᠯᠭᠠᠵᠤ᠂ ᠣᠳᠣᠬᠠᠨ ᠤ ᠠᠵᠢᠯ ᠣᠯᠭᠤᠯᠲᠠ ᠶᠢᠨ ᠪᠠᠶᠢᠳᠠᠯ ᠢ ᠵᠥᠪ ᠢᠶᠠᠷ ᠲᠠᠨᠢᠭᠤᠯᠵᠤ᠂ ᠠᠵᠢᠯ ᠤᠯᠬᠤ ᠡᠷᠡᠮᠡᠯᠵᠡᠯ ᠤᠨ ᠬᠡᠮᠵᠢᠭᠳᠡᠯ ᠢ ᠨᠢ ᠲᠠᠰᠤᠷᠠᠯᠳᠠ ᠦᠭᠡᠢ ᠲᠣᠬᠢᠷᠠᠭᠤᠯᠵᠤ᠂ ᠯᠠᠪᠳᠠᠭᠤᠨ ᠪᠠᠲᠤᠲᠠᠶ ᠪᠠᠷ ᠠᠵᠢᠯ ᠣᠯᠵᠤ ᠠᠳᠠᠯ ᠦᠢᠯᠡᠰ ᠴᠣᠭᠴᠠᠯᠠᠨ᠂ ᠠᠵᠢᠯ ᠤᠨ ᠪᠠᠶᠢᠷᠢ ᠳᠡᠭᠡᠷ᠎ᠡ ᠪᠠᠨ ᠳᠠᠪᠲᠠᠨ ᠪᠣᠯᠪᠠᠰᠤᠷᠠᠭᠤᠯᠵᠤ᠂ ᠠᠵᠢᠯᠴᠢ ᠬᠥᠳᠡᠯᠮᠦᠷᠢᠴᠢ᠂ ᠢᠳᠡᠪᠬᠢᠲᠡᠶ ᠪᠠᠷ ᠰᠤᠷᠤᠯᠴᠠᠬᠤ᠂ ᠬᠠᠮᠲᠤᠷᠠᠨ ᠠᠵᠢᠯᠯᠠᠬᠤ ᠶᠢ ᠴᠢᠬᠤᠯᠠᠴᠢᠯᠠᠬᠤ ᠵᠡᠷᠭᠡ ᠠᠵᠢᠯ ᠤᠨ ᠲᠠᠯᠠᠪᠤᠷ ᠤᠨ ᠴᠢᠬᠤᠯᠠ ᠪᠦᠬᠦᠢ ᠰᠢᠯᠢᠳᠡᠭ ᠵᠠᠩ ᠴᠢᠨᠠᠷ ᠢ ᠠᠭᠠᠵᠢᠮ ᠢᠶᠠᠷ ᠬᠤᠷᠠᠮᠳᠤᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号