︽ᠪᠥᠬᠦ ᠤᠯᠤᠰ ᠤᠨ ᠠᠩᠬᠠᠳᠤᠭᠴᠢ ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠶᠡᠭᠡ ᠬᠤᠷᠠᠯ ᠳᠤ ᠠᠩᠬᠠᠷᠤᠯ ᠢᠶᠠᠨ  ᠴᠢᠭᠯᠡᠭᠦᠯᠪᠡ︾    ᠬᠠᠶᠢᠱᠠᠨ ᠬᠠᠷᠠᠴᠢᠨ ᠬᠤᠰᠢᠭᠤᠨ ᠳᠤ ᠬᠦᠷᠴᠦ ᠪᠥᠬᠦ ᠤᠯᠤᠰ ᠤᠨ ᠠᠩᠬᠠᠳᠤᠭᠴᠢ ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠠᠪᠠ
ᠨᠡᠶᠢᠲᠡᠯᠡᠭᠰᠡᠨ ᠴᠠᠭ᠄
2021/10/11
︽ᠪᠥᠬᠦ ᠤᠯᠤᠰ ᠤᠨ ᠠᠩᠬᠠᠳᠤᠭᠴᠢ ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠶᠡᠭᠡ ᠬᠤᠷᠠᠯ ᠳᠤ ᠠᠩᠬᠠᠷᠤᠯ ᠢᠶᠠᠨ  ᠴᠢᠭᠯᠡᠭᠦᠯᠪᠡ︾    ᠬᠠᠶᠢᠱᠠᠨ ᠬᠠᠷᠠᠴᠢᠨ ᠬᠤᠰᠢᠭᠤᠨ ᠳᠤ ᠬᠦᠷᠴᠦ ᠪᠥᠬᠦ ᠤᠯᠤᠰ ᠤᠨ ᠠᠩᠬᠠᠳᠤᠭᠴᠢ ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠠᠪᠠ     10 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠬᠠᠶᠢᠱᠠᠨ ᠵᠡᠷᠭᠡ ᠨᠢᠭᠡ ᠮᠦᠷ ᠬᠦᠮᠦᠰ ᠬᠠᠷᠠᠴᠢᠨ ᠬᠤᠰᠢᠭᠤᠨ ᠤ ᠨᠢᠦ ᠵᠢᠶᠠ ᠢᠩᠽᠢ ᠪᠠᠯᠭᠠᠰᠤᠨ ᠳᠤ ᠬᠦᠷᠴᠦ ᠪᠥᠬᠦ ᠤᠯᠤᠰ ᠤᠨ ᠠᠩᠬᠠᠳᠤᠭᠴᠢ ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠠᠩ ᠶᠠᠨ᠂ ᠳᠡᠳ᠋ ᠬᠤᠰᠢᠭᠤᠨ ᠳᠠᠷᠤᠭ᠎ᠠ ᠪᠢᠴᠢᠭᠲᠦ ᠪᠠᠷ᠎ᠠ ᠪᠣᠯᠪᠠ᠃     ᠬᠠᠷᠠᠴᠢᠨ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠪᠣᠯᠤᠨ ᠡᠮ ᠤᠨ ᠮᠠᠲ᠋ᠧᠷᠢᠶᠠᠯ ᠤᠨ ᠬᠥᠭᠵᠢᠯᠲᠡ ᠶᠢᠨ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠬᠠᠶᠢᠱᠠᠨ ᠵᠢᠭᠠᠵᠤ ᠭᠠᠷᠭᠠᠭᠰᠠᠨ ᠨᠢ᠂ ᠬᠠᠷᠠᠴᠢᠨ ᠬᠤᠰᠢᠭᠤ ᠠᠩᠬᠠᠳᠤᠭᠠᠷ ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠶᠡᠭᠡ ᠬᠤᠷᠠᠯ ᠢ ᠡᠷᠭᠢᠯᠡᠭᠰᠡᠨ ᠨᠢ ᠬᠢᠲᠠᠳ ᠮᠣᠩᠭᠤᠯ ᠡᠮ ᠤᠨ ᠠᠵᠤ ᠦᠶᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ᠂ ᠰᠢᠨ᠎ᠡ ᠠᠮᠵᠢᠯᠲᠠ ᠪᠦᠲᠦᠮᠵᠢ᠂ ᠰᠢᠨ᠎ᠡ ᠳᠠᠪᠠᠭᠤᠯᠢᠭ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠬᠢᠲᠠᠳ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠲᠠᠰ ᠳᠡᠪᠰᠢᠬᠦ ᠶᠢ ᠲᠦᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠴᠥᠮ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠶᠡᠭᠡ ᠬᠤᠷᠠᠯ ᠤᠨ ᠬᠤᠷᠠᠯᠳᠤᠭᠤᠯᠬᠤ ᠪᠠᠷ ᠤᠷᠢᠳᠴᠢᠯᠠᠨ ᠲᠣᠭᠲᠠᠭᠠᠭᠰᠠᠨ ᠴᠠᠭ ᠬᠤᠭᠤᠴᠠᠭ᠎ᠠ ᠶᠣᠰᠣᠭᠠᠷ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠠᠬᠢᠭᠤᠯᠵᠤ᠂ ᠪᠡᠯᠡᠳᠬᠡᠯ ᠠᠵᠢᠯ ᠢ ᠨᠠᠷᠢᠯᠢᠭ ᠰᠠᠶᠢᠲᠤᠷ ᠬᠢᠬᠦ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂  ᠭᠤᠤᠯ ᠵᠠᠭᠤᠴᠢᠯᠠᠭᠤᠷ ᠤᠨ ᠤᠬᠠᠭᠤᠯᠭ᠎ᠠ ᠶᠢᠨ ᠦᠶᠯᠡᠳᠦᠯ ᠢ ᠭᠦᠶᠴᠡᠳ ᠪᠠᠳᠠᠷᠠᠭᠤᠯᠤᠨ᠂ ᠤᠬᠠᠭᠤᠯᠭ᠎ᠠ ᠶᠢᠨ ᠠᠵᠢᠯᠯᠠᠭ᠎ᠠ ᠶᠢ ᠪᠣᠰᠤᠭ᠎ᠠ ᠴᠣᠭᠴᠠᠲᠤ᠂ ᠪᠥᠬᠦ ᠲᠠᠯ᠎ᠠ ᠪᠠᠷ ᠥᠷᠨᠢᠭᠦᠯᠵᠦ᠂ ᠮᠠᠨ ᠤ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠵᠦᠶᠯ ᠤᠨ ᠪᠡᠯᠡᠳᠬᠡᠯ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠶᠡᠭᠡ ᠬᠤᠷᠠᠯ ᠢ ᠲᠣᠭᠲᠠᠭᠰᠠᠨ ᠬᠤᠭᠤᠴᠠᠭᠠᠨ ᠳᠠᠭᠠᠨ ᠠᠮᠵᠢᠯᠲᠠ ᠲᠠᠢ ᠡᠷᠭᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号