︽ᠪᠥᠬᠦ ᠤᠯᠤᠰ ᠤᠨ ᠠᠩᠬᠠᠳᠤᠭᠴᠢ ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ | ᠦᠶᠯᠡᠰ ᠤᠨ ᠬᠥᠭᠵᠢᠯᠲᠡ ᠶᠢᠨ ᠶᠡᠭᠡ ᠬᠤᠷᠠᠯ ᠳᠤ ᠠᠩᠬᠠᠷᠤᠯ ᠢᠶᠠᠨ ᠴᠢᠭᠯᠡᠭᠦᠯᠪᠡ︾ ᠪᠥᠬᠦ ᠤᠯᠤᠰ ᠤᠨ | ᠠᠩᠬᠠᠳᠤᠭᠴᠢ ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ | ᠶᠡᠭᠡ ᠬᠤᠷᠠᠯ ᠤᠨ ᠬᠤᠳᠠᠯᠳᠤᠭᠠᠴᠢᠨ ᠤᠷᠢᠬᠤ ᠬᠤᠷᠠᠯ ᠬᠤᠷᠠᠯᠳᠤᠪᠠ | | 10 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠪᠥᠬᠦ ᠤᠯᠤᠰ ᠤᠨ ᠠᠩᠬᠠᠳᠤᠭᠴᠢ | ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠶᠡᠭᠡ | ᠬᠤᠷᠠᠯ ᠤᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠤᠳᠠᠯᠳᠤᠭᠠᠴᠢᠨ ᠤᠷᠢᠬᠤ ᠬᠤᠷᠠᠯ | ᠤᠯᠠᠭᠠᠨᠬᠠᠳᠠ ᠶᠢᠨ ᠹᠦ᠋ ᠰᠢᠩ ᠳ᠋ᠦᠩ ᠹᠠᠩ ᠪᠠᠭᠤᠳᠠᠯ ᠳᠤ ᠶᠠᠪᠤᠭᠳᠠᠪᠠ᠃ ᠬᠤᠰᠢᠭᠤᠨ ᠤ ᠤᠳᠤᠷᠢᠳᠤᠯᠭ᠎ᠠ ᠹᠠᠩ | ᠷᠦᠢ᠂ ᠯᠦ ᠰᠢᠤ ᠴᠢᠩ᠂ ᠯᠢ ᠬᠦᠶ ᠹᠠᠩ᠂ ᠸᠠᠩ ᠴᠢᠦ ᠶᠧ ᠵᠢᠴᠢ ᠭᠡᠷ᠎ᠡ ᠲᠣᠭᠲᠠᠭᠰᠠᠨ ᠠᠵᠤ ᠠᠬᠤᠶᠢᠯᠠᠯ ᠤᠨ | ᠲᠥᠯᠥᠭᠡᠯᠡᠭᠴᠢ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠵᠠᠩ ᠶᠠᠨ ᠬᠤᠷᠠᠯ ᠡᠷᠭᠢᠯᠡᠪᠡ᠃ | | ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠸᠠᠩ ᠴᠢᠦ ᠶᠧ ᠪᠦᠭᠦ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ | ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠬᠦᠶ ᠹᠠᠩ ᠲᠣᠰ ᠲᠣᠰ ᠳᠤᠮᠳᠠᠳᠤ ᠤᠯᠤᠰ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠤ ᠦᠶᠯᠡᠳᠪᠦᠷᠢ ᠶᠢᠨ ᠳᠡᠭᠡᠳᠦ ᠰᠤᠷᠭᠠᠭᠤᠯᠢ ᠶᠢᠨ ᠳ᠋ᠣᠺᠲ᠋ᠣᠷ ᠬᠤᠤ | ᠯᠢᠨ ᠵᠢᠶᠧ᠂ ᠴᠢᠩᠳᠣᠤ ᠶᠢᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢᠲᠠᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠪᠡᠰᠦᠨ ᠤ ᠦᠶᠯᠡᠰ ᠤᠨ ᠳᠡᠭᠡᠳᠦ ᠰᠤᠷᠭᠠᠭᠤᠯᠢ ᠶᠢᠨ ᠨᠠᠮ ᠤᠨ ᠶᠡᠷᠦᠩᠬᠡᠶ | ᠡᠭᠦᠷ ᠤᠨ ᠱᠦᠵᠢ ᠵᠠᠩ ᠸᠧᠨ ᠵᠢᠶᠦ᠋ᠨ ᠲᠠᠢ ᠲᠥᠷᠥᠯ ᠵᠦᠶᠯ ᠤᠨ ᠭᠡᠷ᠎ᠡ ᠲᠣᠭᠲᠠᠪᠠ᠃ ᠤᠯᠠᠭᠠᠨᠬᠠᠳᠠ ᠶᠢᠨ ᠷᠦᠩ | ᠰᠢᠩ ᠲᠠᠩ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠢᠦᠢ ᠷᠦᠩ ᠱᠠᠩᠬᠠᠢ ᠶᠢᠨ ᠡᠮ | ᠡᠮᠨᠡᠯᠭᠡ ᠶᠢᠨ ᠪᠦᠯᠦᠭᠯᠡᠯ ᠤᠨ ᠪᠡᠭᠡᠵᠢᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠨ ᠬᠠᠢ ᠡᠮ ᠡᠮᠨᠡᠯᠭᠡ ᠶᠢᠨ | ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠶᠦᠩ ᠴᠢᠤᠸᠠᠨ ᠲᠠᠢ ᠲᠦᠷᠦᠯ ᠵᠦᠢᠯ ᠤᠨ ᠭᠡᠷ᠎ᠡ ᠲᠣᠭᠲᠠᠵᠠᠢ᠃ | | ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠠᠬᠤᠶ ᠪᠠᠶᠢᠳᠠᠯ ᠳᠣᠣᠷ᠎ᠠ᠂ ᠬᠠᠷᠠᠴᠢᠨ ᠬᠤᠰᠢᠭᠤᠨ ᠤ ᠬᠢᠨ ᠠᠮᠢ | ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠦᠷᠭᠦᠯᠵᠢᠯᠡᠨ ᠰᠠᠶᠢᠲᠤᠷ ᠵᠠᠮᠨᠠᠵᠤ᠂ ᠡᠷᠡᠭᠦᠯ ᠮᠡᠨᠳᠦ ᠶᠢᠨ ᠲᠣᠮᠣ ᠠᠵᠤ | ᠦᠶᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠰᠢᠨᠵᠢᠯᠡᠬᠦ | ᠤᠬᠠᠭᠠᠨ ᠮᠡᠷᠭᠡᠵᠢᠯ ᠤᠨ ᠳᠡᠯᠭᠡᠷᠡᠭᠦᠯᠦᠯᠲᠡ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠶᠯᠭᠡᠭᠡ᠂ | ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠵᠡᠷᠭᠡ ︽ᠪᠥᠬᠦ ᠠᠵᠤ ᠦᠶᠯᠡᠰ ᠤᠨ ᠬᠡᠯᠬᠢᠶ᠎ᠡ ︾ ᠶᠢᠨ ᠲᠥᠷᠥᠯ ᠵᠦᠶᠯ ᠢ | ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠤᠨ᠎ᠠ᠃ ᠭᠠᠳᠠᠨ᠎ᠠ ᠠᠴᠠ ᠢᠷᠡᠭᠰᠡᠨ ᠬᠤᠳᠠᠯᠳᠤᠭᠠᠴᠢᠳ ᠢ | ᠴᠢᠩ ᠰᠡᠳᠬᠢᠯ ᠠᠴᠠ ᠪᠠᠨ ᠤᠷᠢᠵᠤ ᠬᠠᠷᠠᠴᠢᠨ ᠬᠤᠰᠢᠭᠤ ᠳᠤ ᠪᠠᠯᠠ ᠣᠷᠣᠭᠤᠯᠤᠨ ᠦᠶᠯᠡᠰ ᠬᠥᠭᠵᠢᠭᠦᠯᠵᠦ᠂ | ᠬᠢᠲᠠᠳ ᠮᠣᠩᠭᠤᠯ ᠡᠮ ᠡᠮᠨᠡᠯᠭᠡ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ᠂ | ᠬᠢᠲᠠᠳ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢᠨ ᠵᠠᠮ ᠢ ᠬᠠᠮᠲᠤ ᠪᠠᠷ ᠰᠦᠪᠡᠭᠴᠢᠯᠡᠨ᠎ᠡ᠃ ᠬᠠᠷᠠᠴᠢᠨ ᠬᠤᠰᠢᠭᠤ | ᠴᠤ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ ᠳᠤ | ᠬᠦᠴᠦᠨ ᠨᠡᠮᠡᠷᠢᠯᠡᠬᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠬᠠᠮᠲᠤ ᠪᠠᠷ ᠠᠰᠢᠭ ᠬᠦᠷᠲᠡᠬᠦ | ᠣᠶᠢᠯᠠᠭᠠᠭᠳᠠᠬᠤᠨ ᠢ ᠪᠠᠷᠢᠮᠲᠠᠯᠠᠵᠤ᠂ ᠲᠡᠷᠢᠭᠦᠨ ᠵᠡᠷᠭᠡ ᠶᠢᠨ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠬᠥᠮᠦᠨ | ᠨᠡᠶᠢᠭᠡᠮ ᠤᠨ ᠣᠷᠴᠢᠨ ᠲᠣᠭᠤᠷᠢᠨ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠨᠡᠶᠢᠭᠡᠮ ᠤᠨ ᠣᠷᠴᠢᠨ | ᠲᠣᠭᠤᠷᠢᠨ ᠢ ᠰᠢᠨᠲᠠᠷᠠᠰᠢ ᠥᠬᠡᠶ ᠴᠢᠷᠮᠠᠶᠢᠨ ᠡᠭᠦᠳᠴᠦ᠂ ᠨᠠᠩ ᠨᠡᠭᠡᠭᠡᠯᠲᠡᠲᠡᠶ ᠳᠦᠷᠢ ᠪᠠᠶᠢᠳᠠᠯ᠂ ᠨᠠᠩ ᠪᠣᠳᠠᠲᠠᠶ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠨᠠᠩ ᠰᠢᠯᠢᠳᠡᠭ ᠦᠶᠯᠡᠴᠢᠯᠡᠭᠡ ᠪᠠᠷ᠂ ᠬᠤᠳᠠᠯᠳᠤᠭᠠᠴᠢᠨ ᠢ | ᠳᠣᠲᠣᠨᠣᠴᠢᠯᠠᠬᠤ᠂ ᠬᠤᠳᠠᠯᠳᠤᠭᠠᠴᠢᠨ ᠢ ᠠᠮᠤᠷᠵᠢᠭᠤᠯᠬᠤ᠂ ᠬᠤᠳᠠᠯᠳᠤᠭᠠᠴᠢᠨ ᠢ ᠬᠠᠪᠰᠤᠷᠬᠤ᠂ ᠬᠤᠳᠠᠯᠳᠤᠭᠠᠴᠢᠨ ᠢ | ᠪᠠᠶᠠᠵᠢᠭᠤᠯᠬᠤ ᠵᠡᠷᠭᠡ ᠡᠯ᠎ᠡ ᠲᠠᠯ᠎ᠠ ᠶᠢᠨ ᠡᠷᠳᠡᠮᠲᠡᠨ ᠮᠡᠷᠭᠡᠳ ᠲᠠᠢ ᠦᠨᠡᠨ ᠰᠡᠳᠬᠢᠯ ᠠᠴᠠ ᠪᠠᠨ ᠭᠠᠷ ᠬᠤᠯᠪᠣᠨ᠂ | ᠬᠠᠷᠢᠯᠴᠠᠨ ᠠᠰᠢᠭᠲᠠᠶ ᠬᠠᠮᠲᠤᠷᠠᠯᠴᠠᠵᠤ᠂ ᠳᠤᠮᠳᠠᠳᠤ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ | ᠬᠥᠭᠵᠢᠯᠲᠡ ᠶᠢᠨ ᠰᠠᠶᠢᠨ ᠰᠠᠶᠢᠬᠠᠨ ᠵᠢᠷᠤᠭ ᠲᠥᠰᠦᠪ ᠢ ᠬᠠᠮᠲᠤᠪᠠᠷ ᠵᠢᠷᠤᠭᠯᠠᠨ᠎ᠠ᠃ |