ᠬᠤᠰᠢᠭᠤᠨ ᠬᠠᠤᠯᠢ ᠴᠠᠭᠠᠵᠠ ᠶᠢᠨ ᠲᠤᠪᠴᠢᠶ᠎ᠡ ᠬᠠᠤᠯᠢ ᠴᠠᠭᠠᠵᠠ ᠪᠠᠷ ᠶᠠᠳᠠᠭᠤ ᠶᠢ ᠲᠡᠳᠬᠦᠬᠦ ᠠᠵᠢᠯᠠᠯᠭ᠎ᠠ ᠶᠢ ︽ᠳᠦᠷᠪᠡ ᠶᠢ ᠴᠢᠬᠤᠯᠴᠢᠯᠠᠬᠤ︾ ᠪᠠᠷ ᠦᠷᠨᠢᠭᠦᠯᠪᠡ
ᠨᠡᠶᠢᠲᠡᠯᠡᠭᠰᠡᠨ ᠴᠠᠭ᠄
2021/10/12
ᠬᠤᠰᠢᠭᠤᠨ ᠬᠠᠤᠯᠢ ᠴᠠᠭᠠᠵᠠ ᠶᠢᠨ ᠲᠤᠪᠴᠢᠶ᠎ᠡ ᠬᠠᠤᠯᠢ ᠴᠠᠭᠠᠵᠠ ᠪᠠᠷ ᠶᠠᠳᠠᠭᠤ ᠶᠢ ᠲᠡᠳᠬᠦᠬᠦ ᠠᠵᠢᠯᠠᠯᠭ᠎ᠠ ᠶᠢ ︽ᠳᠦᠷᠪᠡ  ᠶᠢ ᠴᠢᠬᠤᠯᠴᠢᠯᠠᠬᠤ︾ ᠪᠠᠷ ᠦᠷᠨᠢᠭᠦᠯᠪᠡ     ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ︽ᠳᠥᠷᠪᠡ ᠶᠢ ᠴᠢᠬᠤᠯᠠᠴᠢᠯᠠᠬᠤ︾ ᠠᠷᠭ᠎ᠠ ᠪᠠᠷ ᠨᠠᠷᠢᠯᠢᠭ ᠤᠨᠤᠪᠴᠢᠲᠠᠢ ᠪᠠᠷ ᠬᠠᠤᠯᠢ ᠴᠠᠭᠠᠵᠠ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢ ᠥᠷᠨᠢᠭᠦᠯᠵᠦ᠂ ᠲᠤᠬᠠᠶᠢᠯᠠᠭᠰᠠᠨ ᠠᠵᠢᠯ ᠪᠠ ᠶᠠᠳᠠᠭᠤ ᠶᠢ ᠲᠡᠳᠬᠦᠬᠦ ᠠᠵᠢᠯ ᠤᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠵᠦ᠂ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠪᠡᠶᠡᠯᠡᠭᠦᠯᠪᠡ᠃     ᠪᠣᠳᠠᠲᠤ ᠪᠠᠶᠢᠳᠠᠯ ᠲᠠᠢ ᠣᠶᠢᠷᠠᠳᠬᠤ ᠶᠢ ᠴᠢᠬᠤᠯᠠᠴᠢᠯᠠᠵᠤ᠂ ᠬᠠᠤᠯᠢ ᠪᠠᠷ ᠵᠠᠰᠠᠬᠤ ᠬᠥᠮᠦᠵᠢᠯ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ︽ᠬᠠᠤᠯᠢ ᠴᠠᠭᠠᠵᠠ ᠶᠢ ᠬᠥᠳᠡᠭᠡ ᠲᠣᠰᠬᠤᠨ ᠳᠤ ᠣᠷᠣᠭᠤᠯᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠬᠡᠷᠡᠭᠴᠡᠭᠡ ᠳᠤ ᠴᠢᠭᠯᠡᠭᠦᠯᠦᠨ᠂ ᠬᠠᠤᠯᠢ ᠲᠦᠭᠡᠮᠡᠯᠵᠢᠭᠦᠯᠬᠦ ᠪᠠ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯ ᠢ ᠶᠠᠳᠠᠭᠤ ᠬᠦᠴᠢᠷᠳᠡᠯᠲᠠᠢ ᠡᠷᠦᠬᠡ ᠳᠤ ᠠᠪᠠᠴᠢᠨ᠂ ᠣᠷᠤᠭ ᠬᠡᠷ ᠪᠦᠯᠢ᠂ ᠬᠥᠳᠡᠯᠮᠦᠷᠢ ᠶᠢᠨ ᠪᠠᠲᠤᠯᠠᠭ᠎ᠠ᠂ ᠭᠠᠵᠠᠷ ᠰᠢᠷᠣᠶ ᠶᠢᠨ ᠡᠷᠭᠢᠯᠲᠡ ᠵᠡᠷᠭᠡ ᠯᠦᠭᠡ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠤ ᠬᠠᠤᠯᠢ ᠮᠡᠳᠡᠬᠦ ᠦᠭᠡᠢ ᠠᠴᠠ ᠪᠣᠯᠵᠣ ᠬᠠᠤᠯᠢ ᠶᠢ ᠵᠥᠷᠢᠴᠡᠨ ᠶᠠᠯ᠎ᠠ ᠬᠢᠵᠦ ᠶᠠᠳᠠᠭᠤᠷᠠᠬᠤ ᠪᠠ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠡᠷᠡᠭᠲᠠᠢ᠃     ᠵᠥᠷᠢᠴᠡᠯ ᠵᠢᠭᠤᠷᠠᠯᠭᠤᠭᠠᠨ ᠢ ᠬᠥᠲᠥᠯᠥᠨ ᠵᠢᠯᠣᠭᠤᠳᠬᠤ ᠶᠢ ᠴᠢᠬᠤᠯᠠᠴᠢᠯᠠᠵᠤ᠂ ᠵᠥᠷᠢᠴᠡᠯ ᠵᠢᠭᠤᠷᠠᠯᠳᠤᠭᠠᠨ ᠢ ᠭᠦᠨᠵᠡᠭᠡᠶ ᠵᠢᠭᠰᠠᠭᠠᠨ ᠪᠠᠶᠢᠴᠠᠭᠠᠵᠤ ᠠᠷᠢᠯᠭᠠᠪᠠ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ ᠢᠯᠡᠷᠡᠭᠦᠯᠦᠭᠰᠡᠨ ᠶᠠᠳᠠᠭᠤ ᠶᠢ ᠲᠡᠳᠬᠦᠬᠦ ᠬᠦᠷᠢᠶᠡᠨ ᠳᠠᠬᠢ ᠵᠥᠷᠢᠴᠡᠯ ᠵᠢᠭᠤᠷᠠᠯᠳᠤᠭᠠᠨ ᠳᠤ ᠡᠬᠡ ᠲᠠᠩᠰᠠ ᠪᠠᠶᠢᠭᠤᠯᠤᠨ᠂ ᠠᠷᠢᠯᠭᠠᠬᠤ ᠲᠥᠰᠦᠯ ᠢ ᠨᠢᠭᠡᠳ ᠨᠢᠭᠡ ᠪᠠᠷ ᠲᠣᠭᠲᠠᠭᠠᠵᠤ᠂ ᠵᠦᠷᠢᠴᠡᠯ ᠵᠢᠭᠤᠷᠠᠯᠳᠤᠭᠠᠨ ᠢ ᠠᠷᠢᠯᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠶᠡᠳᠡᠭᠦᠯᠦᠨ ᠰᠢᠶᠳᠪᠦᠷᠢᠯᠡᠬᠦ ᠬᠠᠷᠢᠭᠤ ᠰᠤᠷᠪᠤᠯᠵᠢᠯᠠᠬᠤ ᠠᠵᠢᠯ ᠢ ᠰᠠᠶᠢᠲᠤᠷ ᠬᠢᠵᠦ᠂ ᠵᠥᠷᠢᠴᠡᠯ ᠵᠢᠭᠤᠷᠠᠯᠳᠤᠭᠠᠨ ᠢ ᠬᠠᠮᠤᠭ ᠤᠨ ᠶᠡᠭᠡ ᠬᠡᠮᠵᠢᠶ᠎ᠡ ᠪᠠᠷ ᠦᠨᠳᠦᠰᠦᠨ ᠱᠠᠲᠤᠨ ᠳᠤ ᠰᠢᠶᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠵᠤ᠂ ᠨᠠᠷᠢᠯᠢᠭ ᠤᠨᠤᠪᠴᠢᠲᠠᠢ ᠪᠠᠷ ᠶᠠᠳᠠᠭᠤ ᠶᠢ ᠲᠡᠳᠬᠦᠬᠦ ᠳᠤ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃     ᠲᠤᠰᠠᠯᠠᠪᠠᠰᠤ ᠵᠣᠬᠢᠬᠤ ᠶᠢ ᠨᠢ ᠴᠥᠮ ᠲᠤᠰᠠᠯᠠᠬᠤ ᠶᠢ ᠴᠢᠬᠤᠯᠠᠴᠢᠯᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠶᠠᠳᠠᠭᠤ ᠬᠦᠴᠢᠷᠳᠡᠯ ᠲᠠᠢ ᠡᠷᠦᠬᠡ ᠳᠤ ᠬᠠᠤᠯᠢ ᠴᠠᠭᠠᠵᠠ ᠶᠢᠨ ᠲᠤᠰᠠᠯᠠᠮᠵᠢ ᠶᠢᠨ ︽ᠰᠠᠭᠠᠳ ᠦᠭᠡᠢ ᠨᠡᠪᠲᠡᠷᠡᠬᠦ ᠵᠠᠮ︾ ᠢ ᠨᠡᠪᠲᠡᠷᠡᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠷᠢᠮᠵᠢᠶ᠎ᠠ ᠶᠢ ᠳᠣᠷᠣᠭᠰᠢᠯᠠᠭᠤᠯᠤᠨ᠂ ᠨᠡᠩ ᠤᠯᠠᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠪᠴᠢᠶᠡᠨ ᠳᠤ ᠣᠷᠣᠭᠤᠯᠵᠤ᠂ ᠬᠥᠯᠥᠰᠥᠨ ᠠᠵᠢᠯᠴᠢᠨ᠂ ᠵᠡᠮᠳᠡᠭᠴᠦᠳ᠂ ᠨᠠᠰᠤᠲᠠᠶᠢᠴᠤᠳ᠂ ᠡᠮᠡᠭᠲᠡᠶᠢᠴᠦᠳ ᠬᠡᠦᠬᠡᠳ ᠵᠡᠷᠭᠡ ᠪᠠᠭᠤᠷᠠᠶ ᠬᠠᠮᠲᠤᠯᠢᠭ ᠲᠤ ᠤᠷᠢᠳ ᠢᠶᠠᠷ ᠬᠦᠯᠢᠶᠡᠨ ᠠᠪᠴᠤ ᠰᠢᠶᠳᠪᠦᠷᠢᠯᠡᠬᠦ᠂ ᠤᠷᠢᠳ ᠢᠶᠠᠷ ᠬᠢᠨᠠᠨ ᠵᠥᠪᠰᠢᠶᠡᠷᠡᠬᠦ ᠳᠦᠷᠢᠮ ᠢ ᠬᠡᠷᠡᠭᠵᠢᠭᠦᠯᠵᠦ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号