︽ᠪᠥᠬᠦ ᠤᠯᠤᠰ ᠤᠨ ᠠᠩᠬᠠᠳᠤᠭᠴᠢ ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ | ᠦᠶᠯᠡᠰ ᠤᠨ ᠬᠥᠭᠵᠢᠯᠲᠡ ᠶᠢᠨ ᠶᠡᠭᠡ ᠬᠤᠷᠠᠯ ᠳᠤ ᠠᠩᠬᠠᠷᠤᠯ ᠢᠶᠠᠨ ᠴᠢᠭᠯᠡᠭᠦᠯᠪᠡ︾ ᠪᠥᠬᠦ ᠤᠯᠤᠰ ᠤᠨ | ᠠᠩᠬᠠᠳᠤᠭᠴᠢ ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ | ᠶᠡᠭᠡ ᠬᠤᠷᠠᠯ ᠬᠠᠷᠠᠴᠢᠨ ᠬᠤᠰᠢᠭᠤᠨ ᠳᠤ ᠬᠤᠷᠠᠯᠳᠤᠪᠠ | 10 ᠰᠠᠷ᠎ᠠ ᠶᠢᠨ 12 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠬᠢᠲᠠᠳ ᠡᠮ ᠤᠨ | ᠨᠡᠶᠢᠭᠡᠮᠯᠢᠭ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠬᠤᠷᠢᠶ᠎ᠠ᠂ ᠬᠠᠷᠠᠴᠢᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠭᠰᠡᠨ ᠪᠥᠬᠦ ᠤᠯᠤᠰ ᠤᠨ ᠠᠩᠬᠠᠳᠤᠭᠴᠢ | ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠶᠡᠭᠡ | ᠬᠤᠷᠠᠯ ᠤᠨ ᠡᠬᠢᠯᠡᠯᠲᠡ ᠶᠢᠨ ᠶᠣᠰᠣᠯᠠᠯ ᠬᠠᠷᠠᠴᠢᠨ ᠬᠤᠰᠢᠭᠤᠨ ᠤ ᠨᠢᠦ ᠵᠢᠶᠠ ᠢᠩᠽᠢ ᠪᠠᠯᠭᠠᠰᠤᠨ ᠳᠤ ᠶᠠᠪᠤᠭᠳᠠᠪᠠ᠃ | | ᠳᠤᠮᠳᠠᠳᠤ ᠤᠯᠤᠰ ᠤᠨ ᠡᠮ ᠡᠮᠨᠡᠯᠭᠡ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠨᠡᠶᠢᠭᠡᠮᠯᠢᠭ ᠤᠨ ᠦ᠋ | ᠬᠠᠢ ᠳ᠋ᠦᠩ᠂ ᠤᠤᠯ ᠤᠨ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶᠠᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠵᠤᠷᠭᠠᠨ ᠤ ᠳᠡᠳ᠋ ᠲᠣᠭᠤᠷᠢᠨ ᠪᠠᠶᠢᠴᠠᠭᠠᠭᠴᠢ ᠰᠦᠨ ᠯᠢ ᠶᠢᠩ᠂ ᠳᠤᠮᠳᠠᠳᠤ ᠤᠯᠤᠰ ᠤᠨ | ᠬᠢᠲᠠᠳ ᠡᠮ ᠤᠨ ᠨᠡᠶᠢᠭᠡᠮᠯᠢᠭ ᠤᠨ ᠱᠧᠨ ᠨᠥᠸᠧ᠂ ᠬᠢᠲᠠᠳ ᠡᠮ ᠤᠨ ᠶᠠᠰᠤ ᠴᠢᠨᠠᠷ ᠤᠨ ᠦᠨᠡᠯᠡᠯᠲᠡ ᠪᠡᠭᠡᠵᠢᠩ | ᠬᠤᠲᠠ ᠶᠢᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠡᠷᠬᠢᠯᠡᠭᠴᠢ ᠯᠢᠨ ᠷᠦᠢ ᠴᠤᠤ᠂ ᠳᠤᠮᠳᠠᠳᠤ | ᠤᠯᠤᠰ ᠤᠨ ᠬᠢᠲᠠᠳ ᠡᠮ ᠤᠨ ᠨᠡᠶᠢᠭᠡᠮᠯᠢᠭ ᠤᠨ ᠬᠢᠲᠠᠳ ᠡᠮ ᠤᠨ ᠮᠠᠲ᠋ᠧᠷᠢᠶᠠᠯ ᠳᠠᠷᠢᠵᠤ ᠲᠡᠵᠢᠭᠡᠨ ᠦᠷᠡᠵᠢᠭᠦᠯᠬᠦ | ᠲᠤᠰᠬᠠᠶ ᠵᠥᠪᠯᠡᠯ ᠤᠨ ᠬᠡᠷᠡᠭ ᠡᠷᠬᠢᠯᠡᠭᠴᠢᠳ ᠤᠨ ᠳᠠᠷᠤᠭ᠎ᠠ ᠸᠠᠩ ᠸᠧᠶ ᠴᠢᠤᠸᠠᠨ᠂ ᠳᠤᠮᠳᠠᠳᠤ ᠤᠯᠤᠰ ᠤᠨ ᠠᠨᠠᠭᠠᠬᠤ | ᠤᠬᠠᠭᠠᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠮ ᠳᠤ ᠣᠷᠣᠬᠤ ᠤᠷᠭᠤᠮᠠᠯ ᠤᠨ ᠰᠤᠳᠤᠯᠭᠠᠨ ᠤ ᠭᠠᠵᠠᠷ ᠤᠨ | ᠰᠤᠳᠤᠯᠤᠭᠴᠢ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠸᠠᠩ ᠸᠧᠨ ᠴᠢᠤᠸᠠᠨ᠂ ᠤᠯᠠᠭᠠᠨᠬᠠᠳᠠ ᠬᠤᠲᠠ ᠶᠢᠨ | ᠬᠤᠳᠠ ᠶᠢᠨ ᠳᠡᠰ ᠤᠨᠤᠳᠤᠷᠢᠳᠤᠯᠭ᠎ᠠ ᠮᠦᠩᠬᠡᠪᠠᠭᠠᠲᠤᠷ᠂ ᠵᠠᠩ ᠾᠧᠩ᠂ ᠶᠠᠩ ᠮᠥ᠂ ᠴᠢᠦ ᠸᠧᠨ ᠪᠥᠸᠧ᠂ | ᠤᠯᠠᠭᠠᠨᠬᠠᠳᠠ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ | ᠬᠠᠷᠠᠴᠢᠨ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃ ᠬᠤᠰᠢᠭᠤᠨ | ᠨᠠᠮ ᠤᠨ ᠬᠤᠷᠢᠶ᠎ᠠ ᠶᠢᠨ ᠱᠦᠵᠢ ᠹᠠᠩ ᠷᠦᠢ ᠪᠠᠶᠠᠷ ᠤᠨ ᠦᠭᠡ ᠬᠡᠯᠡᠵᠦ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ | ᠱᠦᠵᠢ᠂ ᠣᠷᠣᠯᠠᠭᠴᠢ ᠬᠤᠰᠢᠭᠤᠨ ᠳᠠᠷᠤᠭ᠎ᠠ ᠵᠣᠣ ᠶᠠᠨ ᠬᠤᠩ ᠡᠬᠢᠯᠡᠯᠲᠡ ᠶᠢᠨ ᠶᠣᠰᠣᠯᠠᠯ ᠢ ᠡᠷᠭᠢᠯᠡᠪᠡ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠪᠠᠶᠠᠷ ᠤᠨ ᠦᠭᠡ ᠬᠡᠯᠡᠬᠦ ᠳᠡᠭᠡᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠠᠬᠤᠶ | ᠪᠠᠶᠢᠳᠠᠯ ᠳᠣᠣᠷ᠎ᠠ᠂ ᠬᠠᠷᠠᠴᠢᠨ ᠬᠤᠰᠢᠭᠤ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ | ᠬᠢᠲᠠᠳ ᠮᠣᠩᠭᠤᠯ ᠡᠮ ᠤᠨ ᠮᠠᠲ᠋ᠧᠷᠢᠶᠠᠯ ᠢ ᠪᠦᠬᠦ ᠬᠤᠰᠢᠭᠤᠨ ᠤ ᠳᠥᠷᠪᠡᠨ ᠶᠡᠭᠡ ᠲᠠᠷᠢᠶᠠᠯᠠᠩ ᠮᠠᠯ ᠠᠵᠤ ᠠᠬᠤᠶ ᠶᠢᠨ | ᠭᠤᠣᠯᠯᠠᠭᠴᠢ ᠠᠵᠤ ᠦᠢᠯᠡᠰ ᠤᠨ ᠨᠢᠭᠡ ᠪᠣᠯᠭᠠᠵᠤ ᠪᠦᠬᠦ ᠬᠦᠴᠦᠨ ᠢᠶᠠᠷ ᠢᠶᠠᠨ ᠪᠤᠶᠢᠵᠢᠭᠤᠯᠵᠤ᠂ ᠠᠵᠤ ᠦᠢᠯᠡᠰ ᠢ | ᠭᠦᠢᠴᠡᠳ ᠠᠳᠬᠤᠬᠤ᠂ ᠲᠠᠪᠴᠠᠩ ᠪᠠᠶᠢᠭᠤᠯᠬᠤ᠂ ᠪᠡᠯᠡ ᠣᠷᠣᠭᠤᠯᠤᠯᠲᠠ ᠶᠢ ᠠᠬᠢᠭᠤᠯᠬᠤ᠂ ᠨᠡᠷᠡᠲᠦ ᠲᠡᠮᠳᠡᠭ ᠢ | ᠡᠭᠦᠳᠬᠦ ᠵᠡᠷᠭᠡ ︽ᠳᠥᠷᠪᠡᠨ ᠠᠵᠢᠯ︾ ᠤᠨ ᠲᠣᠭᠤᠷᠢᠨ ᠳᠤ᠂ ᠳᠠᠷᠠᠭ᠎ᠠ ᠵᠢᠯ ᠬᠠᠷᠠᠴᠢᠨ ᠬᠤᠰᠢᠭᠤᠨ ᠤ ᠬᠢᠲᠠᠳ | ᠡᠮ ᠤᠨ ᠮᠠᠲ᠋ᠧᠷᠢᠶᠠᠯ ᠤᠨ ᠠᠵᠤ ᠦᠢᠯᠡᠰ ᠢ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠠᠷᠢᠶᠠᠯᠠᠩ ᠤᠨ | ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠡᠩᠨᠡᠭᠡᠨ ᠳᠤ ᠣᠷᠣᠭᠤᠯᠵᠤ᠂ ᠬᠡᠳᠦᠨ ᠵᠢᠯ ᠤᠨ | ᠴᠢᠷᠮᠠᠶᠢᠯᠭ᠎ᠠ ᠪᠠᠷ ᠳᠡᠮᠵᠢᠨ᠂ ᠨᠢᠦ ᠵᠢᠶᠠ ᠢᠩᠽᠢ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠷᠠᠯᠵᠢᠶᠠᠨ ᠤ | ᠵᠠᠬ᠎ᠠ ᠳᠡᠯᠭᠡᠭᠦᠷ ᠢ ᠠᠨᠾᠦ᠋ᠢ ᠶᠢᠨ ᠪᠥᠸᠧ ᠵᠸᠤ᠂ ᠾᠧᠪᠸᠢ ᠶᠢᠨ ᠠᠨ ᠭᠦᠸᠧ᠂ ᠭᠠᠨᠰᠦ ᠶᠢᠨ ᠱᠸᠦ ᠶᠠᠩ ᠲᠠᠢ ᠨᠡᠷ᠎ᠡ | ᠵᠡᠷᠭᠡᠴᠡᠭᠰᠡᠨ ᠪᠥᠬᠦ ᠤᠯᠤᠰ ᠤᠨ ᠳᠥᠷᠪᠡᠨ ᠶᠡᠭᠡ ᠡᠮ ᠤᠨ ᠮᠠᠲ᠋ᠧᠷᠢᠶᠠᠯ ᠤᠨ ᠠᠷᠠᠯᠵᠢᠶᠠᠨ ᠤ ᠰᠠᠭᠤᠷᠢᠨ ᠭᠠᠵᠠᠷ ᠤᠨ | ᠨᠢᠭᠡ ᠪᠤᠯᠭᠠᠬᠤ ᠪᠠᠷ ᠴᠢᠷᠮᠠᠶᠢᠨ᠎ᠡ᠃ ᠬᠠᠷᠠᠴᠢᠨ ᠬᠤᠰᠢᠭᠤ ᠪᠠᠰᠠ ᠬᠢᠲᠠᠳ ᠮᠣᠩᠭᠤᠯ ᠡᠮ ᠡᠮᠨᠡᠯᠭᠡ ᠬᠢᠭᠡᠳ | ᠡᠷᠡᠭᠦᠯᠵᠢᠯ ᠰᠤᠪᠢᠯᠠᠯᠲᠠ᠂ ᠵᠢᠭᠤᠯᠴᠢᠯᠠᠯ᠂ ᠰᠣᠶᠣᠯ ᠵᠡᠷᠭᠡ ᠶᠢᠨ ᠭᠦᠨᠵᠡᠭᠡᠶ ᠠᠭᠤᠰᠤᠯᠴᠠᠯ ᠢ ᠢᠳᠡᠪᠬᠢᠲᠡᠶ ᠠᠬᠢᠭᠤᠯᠵᠤ | ᠂ ᠨᠢᠭᠡ ᠪᠦᠯᠦᠭ ᠡᠮᠲᠦ ᠴᠠᠶ᠂ ᠡᠮᠲᠦ ᠬᠤᠭᠤᠯᠠ ᠵᠡᠷᠭᠡ ᠪᠡᠶ᠎ᠡ ᠰᠤᠪᠢᠯᠠᠯᠲᠠ ᠡᠷᠡᠭᠦᠯᠵᠢᠯ ᠤᠨ ᠦᠶᠯᠡᠳᠬᠦᠨ ᠢ ᠪᠣᠶ | ᠪᠣᠯᠭᠠᠵᠤ᠂ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠨᠡᠮᠡᠯᠲᠡ ᠥᠷᠲᠡᠭ ᠢ ᠳᠡᠭᠡᠭᠰᠢᠯᠡᠭᠦᠯᠦᠨ | ᠂ ᠡᠮ ᠤᠨ ᠮᠠᠲ᠋ᠧᠷᠢᠶᠠᠯ ᠤᠨ ᠠᠵᠤ ᠦᠶᠯᠡᠰ ᠢ ᠦᠨᠡᠨ ᠬᠦ ᠮᠠᠨ ᠤ ᠳᠠᠪᠠᠭᠤᠯᠢᠭ ᠠᠵᠤ ᠦᠶᠯᠡᠰ᠂ ᠨᠠᠷᠠᠲᠤ ᠲᠡᠮᠳᠡᠭᠲᠦ | ᠠᠵᠤ ᠦᠶᠯᠡᠰ᠂ ᠠᠷᠠᠳ ᠢ ᠪᠠᠶᠠᠵᠢᠭᠤᠯᠬᠤ ᠠᠵᠤ ᠦᠶᠯᠡᠰ ᠪᠣᠯᠭᠠᠨ᠎ᠠ᠃ | ᠹᠠᠩ ᠷᠦᠢ ᠵᠢᠭᠠᠵᠤ ᠭᠠᠷᠭᠠᠭᠰᠠᠨ ᠨᠢ᠂ ᠳᠤᠮᠳᠠᠳᠤ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢᠨ ᠦᠨᠳᠦᠰᠦ | ᠨᠢ ᠰᠢᠨ᠎ᠡ ᠶᠢ ᠡᠭᠦᠳᠬᠦ ᠳᠤ ᠪᠣᠶ᠃ ᠲᠣᠰ ᠤᠳᠠᠭᠠᠨ ᠤ ᠪᠥᠬᠦ ᠤᠯᠤᠰ ᠤᠨ ᠠᠩᠬᠠᠳᠤᠭᠴᠢ ᠬᠤᠭᠤᠴᠠᠭᠠᠨ ᠤ ᠬᠢᠲᠠᠳ | ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠶᠡᠭᠡ ᠬᠤᠷᠠᠯ ᠪᠣᠯ ᠨᠢᠭᠡ ᠤᠳᠠᠭᠠᠨ ᠤ | ᠬᠢᠲᠠᠳ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢ ᠠᠬᠢᠭᠤᠯᠬᠤ ᠦᠪᠡᠳᠡᠭᠰᠢ ᠴᠤᠭᠯᠠᠭᠠᠨ ᠪᠣᠯᠬᠤ ᠪᠥᠭᠡᠳ ᠪᠠᠰᠠ | ᠴᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠵᠡᠷᠭᠡᠴᠡᠭᠦᠯᠬᠦ᠂ ᠬᠤᠷᠠᠯ ᠳᠡᠭᠡᠷ᠎ᠡ ᠪᠠ ᠬᠤᠷᠠᠯ ᠤᠨ | ᠳᠠᠷᠠᠭ᠎ᠠ ᠬᠤᠯᠪᠣᠭᠠᠯᠠᠨ ᠬᠥᠳᠡᠯᠦᠯᠴᠡᠬᠦ ᠨᠢᠭᠡ ᠤᠳᠠᠭᠠᠨ ᠤ ᠠᠰᠢᠭᠲᠠᠶ ᠲᠤᠷᠰᠢᠯᠲᠠ ᠪᠣᠯᠬᠤ ᠶᠤᠮ᠃ ᠪᠢᠳᠡ | ᠳᠤᠷᠠᠲᠠᠶ᠎ᠠ ᠲᠣᠰ ᠤᠳᠠᠭᠠᠨ ᠤ ᠦᠪᠡᠳᠡᠭᠰᠢ ᠬᠤᠷᠠᠯ ᠢᠶᠠᠷ ᠰᠠᠶᠢᠨ ᠡᠬᠢᠯᠡᠯᠲᠡ ᠪᠣᠯᠭᠠᠬᠤ ᠶᠢᠨ ᠬᠠᠮᠲᠤ ᠪᠥᠬᠦ | ᠤᠯᠤᠰ ᠤᠨ ᠬᠢᠲᠠᠳ ᠮᠣᠩᠭᠤᠯ ᠤᠨ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠶᠡᠭᠡ ᠬᠤᠷᠠᠯ | ᠭᠡᠬᠦ ᠡᠨᠡ ᠬᠦ ᠴᠢᠬᠤᠯᠠ ᠲᠠᠪᠴᠠᠩ ᠤᠨ ᠠᠴᠢᠶᠠᠯᠠᠪᠤᠷᠢ ᠶᠢ ᠦᠷᠭᠦᠯᠵᠢᠯᠡᠨ ᠡᠷᠭᠢᠯᠡᠬᠦ ᠪᠠᠷ ᠳᠠᠮᠵᠢᠭᠤᠯᠤᠨ᠂ ᠡᠯ᠎ᠡ | ᠲᠠᠯ᠎ᠠ ᠶᠢᠨ ᠨᠠᠶᠢᠵᠠ ᠨᠠᠷ ᠲᠠᠢ ᠡᠬᠢ ᠪᠠᠶᠠᠯᠢᠭ ᠢ ᠬᠤᠪᠢᠶᠠᠯᠴᠠᠨ ᠡᠳ᠋ᠯᠡᠵᠦ᠂ ᠰᠣᠯᠢᠯᠴᠠᠭ᠎ᠠ ᠪᠠᠨ ᠴᠢᠩᠭᠠᠳᠬᠠᠨ᠂ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠵᠦ᠂ | ᠳᠤᠮᠳᠠᠳᠤ ᠮᠣᠩᠭᠤᠯ ᠤᠨ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠪᠣᠬᠢᠷᠲᠤᠯ ᠥᠬᠡᠶ ᠬᠥᠭᠵᠢᠯᠲᠡ ᠶᠢ | ᠳᠥᠯᠭᠢᠨ ᠠᠬᠢᠭᠤᠯᠵᠤ᠂ ᠡᠷᠡᠭᠦᠯ ᠡᠩᠬᠡ ᠳᠤᠮᠳᠠᠳᠤ ᠤᠯᠤᠰ ᠢ ᠪᠥᠲᠥᠭᠡᠨ ᠪᠠᠶᠢᠭᠤᠯᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠳᠤ ᠬᠦᠴᠦᠨ | ᠴᠢᠳᠠᠯ ᠢᠶᠠᠨ ᠡᠷᠭᠦᠨ᠎ᠡ ᠭᠡᠵᠡᠶ᠃ | ᠲᠣᠰ ᠤᠳᠠᠭᠠᠨ ᠤ ᠶᠡᠭᠡ ᠬᠤᠷᠠᠯ ᠤᠨ ᠦᠵᠡᠭᠦᠯᠦᠯᠭᠡ ᠶᠢᠨ ᠴᠡᠭ ᠤᠨ ᠨᠢᠭᠡ ᠪᠣᠯᠤᠭᠰᠠᠨ ᠤ ᠬᠤᠪᠢ ᠳᠤ᠂ ᠨᠢᠤ | ᠵᠢᠶᠠ ᠢᠩᠽᠢ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠦᠵᠡᠭᠦᠯᠦᠯᠭᠡ ᠶᠢᠨ ᠣᠷᠳᠣᠨ | ᠨᠢ 350 ᠲᠡᠭᠰᠢ ᠳᠥᠷᠪᠡᠯᠵᠢᠨ ᠮᠧᠲᠷ ᠭᠠᠵᠠᠷ ᠡᠵᠡᠯᠡᠵᠦ᠂ 400 ᠭᠠᠷᠤᠶ ᠪᠣᠳᠠᠲᠤ ᠪᠣᠳᠠᠰ ᠤᠨ | ᠦᠵᠡᠭᠦᠯᠦᠯᠭᠡ ᠶᠢᠨ ᠵᠦᠶᠯ᠂ 80 ᠭᠠᠷᠤᠶ ᠬᠡᠷᠡᠯ ᠵᠢᠷᠤᠭ᠂ 20 ᠭᠠᠷᠤᠶ ᠬᠢᠲᠠᠳ ᠡᠮ ᠤᠨ ᠮᠠᠲ᠋ᠧᠷᠢᠶᠠᠯ ᠤᠨ ᠦᠷ᠎ᠡ᠂ | 50 ᠭᠠᠷᠤᠶ ᠡᠮ ᠤᠨ ᠮᠠᠲ᠋ᠧᠷᠢᠶᠠᠯ ᠤᠨ ᠬᠡᠪ ᠵᠠᠭᠪᠤᠷ᠂ 20 ᠭᠠᠷᠤᠶ ᠵᠦᠶᠯ ᠤᠨ ᠬᠠᠭᠤᠷᠠᠶ ᠡᠮ ᠤᠨ ᠮᠠᠲ᠋ᠧᠷᠢᠶᠠᠯ ᠪᠤᠢ | ᠃ ᠦᠵᠡᠭᠦᠯᠦᠯᠭᠡ ᠶᠢᠨ ᠣᠷᠳᠣᠨ ᠨᠢ ᠡᠯᠪᠡᠭ ᠪᠠᠶᠠᠯᠢᠭ᠂ ᠨᠠᠷᠢᠨ ᠪᠣᠳᠠᠲᠠᠶ᠂ ᠰᠢᠰᠲ᠋ᠧᠮ ᠲᠠᠢ ᠲᠡᠤᠬᠡ ᠶᠢᠨ | ᠮᠠᠲ᠋ᠧᠷᠢᠶᠠᠯ ᠪᠠ ᠲᠡᠤᠬᠡ ᠶᠢᠨ ᠳᠤᠷᠠᠰᠬᠠᠯᠲᠤ ᠵᠦᠶᠯᠡᠰ ᠤᠨ ᠦᠵᠡᠭᠦᠯᠦᠯᠭᠡ ᠶᠢᠨ ᠵᠦᠶᠯᠡᠰ ᠢᠶᠠᠷ ᠨᠢᠤ ᠵᠢᠶᠠ | ᠢᠩᠽᠢ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠠᠬᠢᠴᠠ ᠶᠢ | ᠳᠠᠬᠢᠨᠲᠠ ᠢᠯᠡᠷᠡᠭᠦᠯᠪᠡ᠃ ᠨᠥᠭᠦᠭᠡ ᠨᠢᠭᠡ ᠦᠵᠡᠭᠦᠯᠦᠯᠭᠡ ᠶᠢᠨ ᠴᠡᠭ ᠨᠢ ᠤᠯᠠᠭᠠᠨᠬᠠᠳᠠ ᠶᠢᠨ ᠷᠦᠩ ᠰᠢᠩ ᠲᠠᠩ | ᠡᠮ ᠤᠨ ᠦᠶᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ 2000 ᠣᠨ ᠳᠤ ᠪᠠᠶᠢᠭᠤᠯᠤᠭᠳᠠᠵᠠᠶ᠂ ᠲᠣᠰ | ᠺᠣᠮᠫᠠᠨᠢ ᠨᠢ 75 ᠮᠥ ᠭᠠᠵᠠᠷ ᠡᠵᠡᠯᠡᠵᠦ᠂ 1110 ᠲᠦᠮᠡᠨ ᠲᠥᠭᠦᠷᠢᠭ ᠤᠨ ᠳᠠᠩᠰᠠᠯᠠᠭᠤᠯᠤᠭᠰᠠᠨ ᠪᠠᠯᠠ | ᠮᠥᠩᠭᠦ ᠲᠠᠢ᠂ ᠬᠢᠲᠠᠳ ᠮᠣᠩᠭᠤᠯ ᠡᠮ ᠤᠨ ᠮᠠᠲ᠋ᠧᠷᠢᠶᠠᠯ ᠢ ᠳᠠᠷᠢᠬᠤ᠂ ᠬᠤᠳᠠᠯᠳᠤᠨ ᠠᠪᠬᠤ᠂ ᠦᠶᠯᠡᠳᠪᠦᠷᠢᠯᠡᠬᠦ ᠵᠢᠴᠢ | ᠪᠣᠷᠣᠯᠠᠭᠤᠯᠬᠤ ᠪᠠᠷ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠢᠶᠠᠨ ᠪᠣᠯᠭᠠᠭᠰᠠᠨ ᠠᠷᠠᠳ ᠤᠨ | ᠡᠵᠡᠩᠨᠡᠯᠲᠡ ᠶᠢᠨ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ ᠪᠣᠯᠤᠨ᠎ᠠ᠃ | ᠷᠦᠩ ᠰᠢᠩ ᠲᠠᠩ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠲᠠᠷᠢᠮᠠᠯ ᠤᠨ ᠰᠠᠭᠤᠷᠢᠨ ᠭᠠᠵᠠᠷ ᠨᠢᠦ ᠵᠢᠶᠠ | ᠢᠩᠽᠢ ᠪᠠᠯᠭᠠᠰᠤ ᠪᠠᠷ ᠭᠤᠣᠯ ᠪᠣᠯᠭᠠᠵᠤ᠂ ᠡᠷᠬᠢᠨ ᠲᠣᠭᠤᠷᠢᠨ ᠤ ᠤᠯᠠᠨ ᠬᠤᠰᠢᠭᠤ ᠰᠢᠶᠠᠨ ᠲᠣᠭᠤᠷᠢᠭ ᠢ | ᠨᠥᠯᠥᠭᠡᠯᠡᠪᠡ᠃ ᠰᠠᠭᠤᠷᠢᠨ ᠭᠠᠵᠠᠷ ᠨᠢ ︽ ᠺᠣᠮᠫᠠᠨᠢ + ᠰᠠᠭᠤᠷᠢᠨ ᠭᠠᠵᠠᠷ + ᠲᠠᠷᠢᠶᠠᠴᠢᠨ ᠡᠷᠦᠬᠡ ︾ ᠶᠢᠨ | ᠬᠥᠭᠵᠢᠯᠲᠡ ᠶᠢᠨ ᠵᠠᠭᠪᠤᠷ ᠢᠶᠠᠷ᠂ ᠴᠠᠭᠠᠨ ᠰᠤᠷᠤᠯᠤ ᠂ ᠬᠤᠷᠳᠤᠨ ᠴᠠᠭᠠᠨ᠂ ᠬᠤᠨᠴᠢᠷ᠂ ᠰᠦᠨ ᠣᠷᠬᠤᠳᠠᠶ᠂ | ᠱᠦᠭᠦᠷᠭᠡᠨ᠎ᠡ᠂ ᠤᠯᠠᠭᠠᠨ ᠴᠠᠨ᠎ᠠ᠂ ᠰᠢᠬᠢᠷ ᠡᠪᠡᠰᠦ ᠵᠡᠷᠭᠡ 20 ᠭᠠᠷᠤᠶ ᠲᠥᠷᠥᠯ ᠵᠦᠶᠯ ᠢ ᠳᠠᠷᠢᠵᠤ᠂ 2020 | ᠣᠨ ᠳᠤ ᠺᠣᠮᠫᠠᠨᠢ ᠶᠢᠨ ᠠᠵᠤ ᠦᠶᠯᠡᠳᠪᠦᠷᠢ ᠶᠢᠨ ᠦᠶᠯᠡᠳᠪᠦᠷᠢᠯᠡᠯ ᠤᠨ ᠶᠡᠷᠦᠩᠬᠡᠶ ᠥᠷᠲᠡᠭ 1.45 ᠳ᠋ᠦᠩᠰᠢᠭᠤᠷ | ᠲᠥᠭᠦᠷᠢᠭ᠂ ᠪᠣᠷᠣᠯᠠᠭᠤᠯᠤᠯᠲᠠ ᠶᠢᠨ ᠣᠷᠣᠯᠭ᠎ᠠ 1.32 ᠳ᠋ᠦᠩᠰᠢᠭᠤᠷ ᠲᠥᠭᠦᠷᠢᠭ ᠲᠤ ᠬᠦᠷᠴᠦ᠂ 150 ᠭᠠᠷᠤᠶ | ᠬᠥᠮᠦᠨ ᠤ ᠠᠵᠢᠯ ᠣᠯᠭᠤᠯᠲᠠ ᠶᠢ ᠳᠠᠶᠢᠴᠢᠯᠠᠪᠠ᠃ | ᠬᠠᠷᠠᠴᠢᠨ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠥᠨᠢ ᠤᠳᠠᠭᠠᠨ | ᠲᠡᠤᠬᠡ ᠲᠠᠢ᠂ ᠣᠲᠣ ᠪᠣᠯᠲᠠᠯ᠎ᠠ ᠨᠢᠭᠡᠨᠲᠡ 300 ᠭᠠᠷᠤᠶ ᠵᠢᠯ ᠤᠨ ᠲᠡᠤᠬᠡ ᠲᠠᠢ ᠪᠣᠯᠵᠠᠶ᠃ ᠮᠠᠨ ᠤ ᠤᠯᠤᠰ ᠤᠨ | ᠤᠮᠠᠷᠠᠲᠤ ᠶᠢᠨ ᠵᠢᠩᠬᠢᠨᠢ ᠬᠢᠲᠠᠳ ᠡᠮ ᠤᠨ ᠮᠠᠲ᠋ᠧᠷᠢᠶᠠᠯ ᠤᠨ ᠭᠤᠤᠯ ᠭᠠᠷᠤᠯᠲᠠ ᠶᠢᠨ ᠭᠠᠵᠠᠷ ᠪᠠ ᠪᠥᠬᠦ ᠤᠯᠤᠰ ᠤᠨ | ᠴᠢᠬᠤᠯᠠ ᠬᠢᠲᠠᠳ ᠮᠣᠩᠭᠤᠯ ᠡᠮ ᠤᠨ ᠮᠠᠲ᠋ᠧᠷᠢᠶᠠᠯ ᠢ ᠦᠶᠯᠡᠳᠪᠦᠷᠢᠯᠡᠵᠦ ᠪᠣᠷᠣᠯᠠᠭᠤᠯᠬᠤ ᠲᠥᠪᠯᠡᠷᠡᠭᠦᠯᠦᠨ | ᠲᠠᠷᠬᠠᠭᠠᠬᠤ ᠭᠠᠵᠠᠷ᠂ ᠪᠥᠬᠦ ᠤᠯᠤᠰ ᠤᠨ ︽ᠲᠠᠪᠤᠨ ᠶᠡᠭᠡ ᠪᠣᠬᠢᠷᠲᠤᠯ ᠥᠬᠡᠶ ᠬᠢᠲᠠᠳ ᠡᠮ ᠤᠨ ᠮᠠᠲ᠋ᠧᠷᠢᠶᠠᠯ ᠢ | ᠵᠢᠷᠤᠮᠵᠢᠭᠤᠯᠤᠨ ᠳᠠᠷᠢᠬᠤ ᠰᠠᠭᠤᠷᠢᠨ ᠭᠠᠵᠠᠷ︾ ᠪᠣᠯᠤᠨ᠎ᠠ᠃ 1999 ᠣᠨ ᠳᠤ ᠳᠤᠮᠳᠠᠳᠤ ᠤᠯᠤᠰ ᠤᠨ | ᠣᠨᠴᠠᠯᠢᠭ ᠲᠠᠢ ᠠᠵᠤ ᠦᠢᠯᠡᠰ ᠤᠨ ᠰᠠᠭᠤᠷᠢᠨ ᠭᠠᠵᠠᠷ ᠤᠨ ᠨᠡᠷᠡᠶᠢᠳᠦᠯ ᠤᠨ ᠺᠣᠮᠢᠰ ᠲᠤ ︽ᠳᠤᠮᠳᠠᠳᠤ ᠤᠯᠤᠰ ᠤᠨ | ᠴᠠᠭᠠᠨ ᠰᠤᠷᠤᠯᠤ᠂ ᠬᠤᠷᠳᠤᠨ ᠴᠠᠭᠠᠨ ᠤ ᠨᠤᠲᠤᠭ︾ ᠭᠡᠵᠦ ᠨᠡᠷᠡᠶᠢᠳᠦᠭᠳᠡᠪᠡ᠃ 2012 ᠣᠨ ᠳᠤ᠂ ᠬᠠᠷᠠᠴᠢᠨ | ᠬᠤᠰᠢᠭᠤᠨ ᠤ ᠦᠢᠯᠡᠳᠪᠦᠷᠢᠯᠡᠭᠰᠡᠨ ᠴᠠᠭᠠᠨ ᠰᠤᠷᠤᠯᠤ᠂ ᠬᠤᠷᠳᠤᠨ ᠴᠠᠭᠠᠨ ᠨᠢ ᠲᠠᠷᠢᠶᠠᠯᠠᠩ ᠠᠵᠤ ᠠᠬᠤᠢ ᠶᠢᠨ | ᠶᠠᠮᠤᠨ ᠤ ᠤᠯᠤᠰ ᠤᠨ ᠭᠠᠵᠠᠷ ᠵᠦᠢ ᠶᠢᠨ ᠪᠡᠯᠭᠡ ᠳᠡᠮᠳᠡᠭ ᠤᠨ ᠭᠡᠷᠡᠴᠢᠯᠡᠯ ᠢ ᠣᠯᠤᠭᠰᠠᠨ ᠪᠥᠭᠡᠳ ᠳᠤᠮᠳᠠᠳᠤ | ᠤᠯᠤᠰ ᠤᠨ ᠬᠢᠲᠠᠳ ᠡᠮ ᠤᠨ ᠨᠡᠶᠢᠭᠡᠮᠯᠢᠭ ᠤᠨ ᠳᠠᠷᠢᠵᠤ ᠲᠡᠵᠢᠭᠡᠨ ᠦᠷᠡᠵᠢᠭᠦᠯᠬᠦ ᠲᠤᠰᠬᠠᠢ ᠮᠡᠷᠭᠡᠵᠢᠯ ᠤᠨ | ᠵᠥᠪᠯᠡᠯ ᠤᠨ ︽ᠵᠢᠩᠬᠢᠨᠢ ᠴᠢᠨᠠᠷ ᠰᠠᠶᠢᠲᠠᠢ ᠡᠮ ᠤᠨ ᠮᠠᠲ᠋ᠧᠷᠢᠶᠠᠯ ᠤᠨ ᠲᠠᠷᠢᠮᠠᠯ ᠤᠨ ᠰᠠᠭᠤᠷᠢᠨ ᠭᠠᠵᠠᠷ︾ ᠤᠨ | ᠦᠨᠡᠮᠯᠡᠯ ᠢ ᠲᠤᠰ ᠲᠤᠰ ᠣᠯᠤᠭᠰᠠᠨ ᠪᠠᠶᠢᠨ᠎ᠠ᠃ ᠴᠠᠭᠠᠨ ᠰᠤᠷᠤᠯᠤ᠂ ᠬᠤᠷᠳᠤᠨ ᠴᠠᠭᠠᠨ ᠤ ᠭᠠᠷᠤᠯᠲᠠ ᠲᠣᠰ ᠲᠣᠰ | ᠪᠥᠬᠦ ᠤᠯᠤᠰ ᠤᠨ ᠶᠡᠷᠦᠩᠬᠡᠶ ᠭᠠᠷᠤᠯᠲᠠ ᠶᠢᠨ 80% ᠪᠠ 60% ᠶᠢ ᠡᠵᠡᠯᠡᠵᠦ᠂ ᠵᠢᠯ ᠤᠨ ᠠᠷᠠᠯᠵᠢᠶᠠᠨ ᠤ | ᠬᠡᠮᠵᠢᠶ᠎ᠡ 10 ᠳ᠋ᠦᠩᠰᠢᠭᠤᠷ ᠲᠥᠭᠦᠷᠢᠭ ᠢ ᠳᠠᠪᠠᠪᠠ᠃ ᠬᠠᠷᠠᠴᠢᠨ ᠬᠤᠰᠢᠭᠤ ᠪᠣᠯ ᠪᠥᠬᠦ ᠤᠯᠤᠰ ᠤᠨ ᠬᠠᠮᠤᠭ ᠤᠨ | ᠲᠣᠮᠣ ᠬᠤᠨᠴᠢᠷ ᠤᠨ ᠦᠷ᠎ᠡ ᠶᠢᠨ ᠴᠢᠬᠢ ᠶᠢᠨ ᠰᠠᠭᠤᠷᠢᠨ ᠭᠠᠵᠠᠷ ᠪᠠᠶᠢᠵᠤ᠂ ᠪᠥᠬᠦ ᠤᠯᠤᠰ ᠤᠨ 90% ᠶᠢᠨ | ᠬᠤᠨᠴᠢᠷ ᠤᠨ ᠦᠷ᠎ᠡ ᠶᠢᠨ ᠴᠢᠬᠢ ᠶᠢ ᠬᠠᠩᠭᠠᠵᠤ᠂ ᠰᠠᠯᠬᠢ ᠶᠢ ᠰᠡᠷᠭᠡᠶᠢᠯᠡᠬᠦ ᠭᠠᠷᠤᠯᠲᠠ ᠨᠢ ᠪᠥᠬᠦ ᠤᠯᠤᠰ ᠤᠨ | ᠰᠠᠯᠬᠢ ᠶᠢ ᠰᠡᠷᠭᠡᠶᠢᠯᠡᠬᠦ ᠶᠡᠷᠦᠩᠬᠡᠶ ᠭᠠᠷᠤᠯᠲᠠ ᠶᠢᠨ 50% ᠶᠢ ᠡᠵᠡᠯᠡᠳᠡᠭ᠃ | ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ | ᠬᠠᠷᠠᠴᠢᠨ ᠬᠤᠰᠢᠭᠤ ᠠᠵᠤ ᠦᠶᠯᠡᠰ ᠤᠨ ᠳᠠᠪᠠᠭᠤᠯᠢᠭ ᠲᠠᠭᠠᠨ ᠲᠦᠰᠢᠭᠯᠡᠨ᠂ ᠥᠨᠳᠥᠷ ᠪᠦᠲᠦᠮᠵᠢᠲᠡᠶ ᠰᠢᠯᠢᠳᠡᠭ | ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠢ ᠬᠦᠴᠦ ᠪᠠᠨ ᠲᠥᠪᠯᠡᠷᠡᠭᠦᠯᠦᠨ ᠬᠥᠭᠵᠢᠭᠦᠯᠵᠦ᠂ ︽ | ᠨᠢᠭᠡ ᠰᠢᠶᠠᠩ ᠨᠢᠭᠡ ᠦᠶᠯᠡᠳᠬᠦᠨ︾ ᠢ ᠳᠥᠯᠭᠢᠨ ᠠᠬᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠶᠢ ᠡᠷᠢᠯᠬᠢᠯᠡᠭᠰᠡᠨ | ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠪᠣᠶ | ᠪᠣᠯᠭᠠᠬᠤ ᠪᠠ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠢ ᠭᠡᠷᠡᠴᠢᠯᠡᠬᠦ ᠠᠵᠢᠯ ᠢ ᠬᠦᠴᠦᠯᠡᠨ ᠴᠢᠩᠭᠠᠳᠬᠠᠵᠤ᠂ | ᠴᠠᠭᠠᠨ ᠰᠤᠷᠤᠯᠤ᠂ ᠬᠤᠷᠳᠤᠨ ᠴᠠᠭᠠᠨ᠂ ᠬᠤᠨᠴᠢᠷ ᠤᠨ ᠦᠷ᠎ᠡ ᠶᠢ ᠳᠠᠷᠢᠵᠤ ᠦᠷᠡᠵᠢᠭᠦᠯᠦᠨ ᠪᠤᠶᠢᠵᠢᠭᠤᠯᠬᠤ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠦᠷᠡᠵᠢᠭᠦᠯᠦᠨ ᠪᠤᠶᠢᠵᠢᠭᠤᠯᠬᠤ | ᠰᠠᠭᠤᠷᠢᠨ ᠭᠠᠵᠠᠷ ᠤᠨ ᠰᠢᠨᠵᠢᠯᠡᠬᠦ ᠤᠬᠠᠭᠠᠨᠴᠢᠯᠠᠭᠰᠠᠨ ᠬᠢᠷᠢ ᠲᠦᠪᠰᠢᠨ᠂ ᠪᠠᠷᠢᠮᠵᠢᠶᠠᠵᠢᠭᠤᠯᠤᠭᠰᠠᠨ | ᠦᠶᠯᠡᠳᠪᠦᠷᠢᠯᠡᠯ ᠢ ᠨᠡᠮᠡᠭᠳᠡᠭᠦᠯᠦᠨ᠂ ᠲᠡᠭᠦᠨ ᠢ ︽ᠪᠣᠬᠢᠷᠲᠤᠯ ᠥᠬᠡᠶ ᠴᠢᠨᠠᠷ ᠴᠢᠨᠰᠠᠭ᠎ᠠ ᠲᠠᠢ ᠬᠠᠷᠠᠴᠢᠨ︾ ᠤ | ᠰᠢᠯᠢᠳᠡᠭ ᠨᠡᠷ᠎ᠡ ᠶᠢᠨ ᠬᠠᠭᠤᠳᠠᠰᠤ ᠪᠣᠯᠭᠠᠨ᠎ᠠ᠃ ᠷᠦᠩ ᠰᠢᠩ ᠲᠠᠩ᠂ ᠮᠧᠩ ᠶᠤᠸᠠᠨ ᠲᠠᠩ ᠵᠡᠷᠭᠡ ᠲᠤᠯᠤᠭᠠᠶᠢᠯᠠᠭᠴᠢ | ᠡᠮ ᠤᠨ ᠤᠶᠢᠯᠡᠰ ᠢ ᠤᠯᠠᠮ ᠨᠢᠭᠡ ᠠᠯᠬᠤᠮ ᠬᠦᠴᠦᠷᠬᠡᠭᠵᠢᠭᠦᠯᠵᠦ᠂ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ | ᠢᠳᠡᠪᠬᠢᠲᠡᠶ ᠪᠠᠶᠢᠭᠤᠯᠤᠨ᠂ ᠬᠢᠲᠠᠳ ᠮᠣᠩᠭᠤᠯ ᠡᠮ ᠤᠨ ᠮᠠᠲ᠋ᠧᠷᠢᠶᠠᠯ ᠢ ᠨᠠᠷᠢᠯᠢᠭ ᠡᠳ᠋ᠰᠢᠭᠦᠯᠬᠦ ᠠᠵᠤ ᠦᠶᠯᠡᠰ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠡᠭᠦᠨ ᠤ ᠬᠠᠮᠲᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ | ᠡᠷᠡᠭᠦᠯ ᠮᠡᠨᠳᠦ ᠶᠢᠨ ᠠᠵᠤ ᠦᠶᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠬᠠᠷᠠᠴᠢᠨ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠢ ᠳᠠᠷᠢᠬᠤ᠂ ᠬᠤᠳᠠᠯᠳᠤᠨ ᠠᠪᠬᠤ᠂ ᠡᠳ᠋ᠰᠢᠭᠦᠯᠬᠦ᠂ | ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ ᠭᠦᠶᠯᠭᠡᠭᠡᠨ ᠤ ᠪᠥᠬᠦ ᠠᠵᠤ ᠦᠶᠯᠡᠰ ᠤᠨ ᠬᠡᠯᠬᠢᠶ᠎ᠡ ᠶᠢᠨ ᠡᠮᠬᠢ | ᠵᠢᠷᠤᠮ ᠲᠠᠢ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠬᠠᠷᠠᠴᠢᠨ ᠤ ᠣᠨᠴᠠᠯᠢᠭ ᠲᠠᠢ ᠣᠳᠣᠬᠢᠴᠢᠯᠠᠭᠰᠠᠨ | ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠭᠦᠶᠯᠭᠡᠭᠡᠨ ᠤ ᠰᠢᠰᠲ᠋ᠧᠮᠵᠢ ᠶᠢ ᠲᠦᠷᠭᠡᠳᠬᠡᠨ | ᠪᠠᠶᠢᠭᠤᠯᠤᠨ᠎ᠠ᠃ | ᠬᠤᠷᠠᠯ ᠳᠡᠭᠡᠷ᠎ᠡ᠂ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢ | ᠳᠥᠯᠭᠢᠨ ᠠᠬᠢᠭᠤᠯᠬᠤ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠥᠮᠦᠰ ᠲᠤ ᠱᠠᠩᠨᠠᠯ ᠤᠯᠭᠤᠯᠪᠠ᠃ | ᠤᠯᠠᠭᠠᠨᠮᠥ᠋ᠴᠢᠷ ᠠᠴᠠ ᠢᠷᠡᠭᠰᠡᠨ ᠤᠳᠬ᠎ᠠ ᠤᠷᠠᠯᠢᠭ ᠤᠨ ᠠᠵᠢᠯᠲᠠᠳ ᠭᠤᠶᠢᠳᠠ ᠰᠠᠶᠢᠬᠠᠨ ᠤᠷᠠᠨ ᠰᠠᠶᠢᠬᠠᠨ ᠤ | ᠲᠣᠭᠯᠠᠯᠲᠠ ᠭᠠᠷᠭᠠᠪᠠ᠃ | ᠤᠯᠠᠭᠠᠨᠬᠠᠳᠠ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ᠶᠢᠨ ᠬᠠᠮᠢᠶ᠎ᠠ ᠪᠥᠬᠦᠶ | ᠤᠳᠤᠷᠢᠳᠤᠯᠭ᠎ᠠ᠂ ᠬᠤᠰᠢᠭᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠵᠢᠴᠢ ᠪᠥᠬᠦ ᠤᠯᠤᠰ ᠤᠨ ᠡᠯ᠎ᠡ ᠭᠠᠵᠠᠷ ᠤᠨ ᠲᠤᠰᠬᠠᠶ ᠮᠡᠷᠭᠡᠵᠢᠯᠲᠡᠨ᠂ ᠡᠷᠳᠡᠮᠲᠡᠨ᠂ ᠬᠢᠲᠠᠳ ᠮᠣᠩᠭᠤᠯ ᠡᠮ ᠤᠨ | ᠮᠠᠲ᠋ᠧᠷᠢᠶᠠᠯ ᠤᠨ ᠠᠵᠤ ᠠᠬᠤᠶᠢᠯᠠᠯ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠪᠠ ᠳᠠᠷᠢᠬᠤ ᠡᠷᠦᠬᠡ ᠶᠢᠨ | ᠲᠥᠯᠥᠭᠡᠯᠡᠭᠴᠢ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | | | | | | | | | |