ᠬᠠᠷᠠᠴᠢᠨ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠠᠭᠤᠷᠢᠨ ᠭᠠᠵᠠᠷ ᠢ ᠪᠠᠲᠤ ᠴᠣᠭᠴᠠᠯᠠᠨ ᠪᠠᠶᠢᠭᠤᠯᠬᠤ ᠵᠢᠴᠢ ᠸᠠᠩ ᠤᠨ ᠣᠷᠳᠣᠨ ᠤ ᠮᠦᠽᠧᠢ ᠶᠢᠨ ᠦᠵᠡᠭᠦᠯᠦᠯᠭᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/15
ᠬᠠᠷᠠᠴᠢᠨ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠠᠭᠤᠷᠢᠨ ᠭᠠᠵᠠᠷ ᠢ ᠪᠠᠲᠤ ᠴᠣᠭᠴᠠᠯᠠᠨ ᠪᠠᠶᠢᠭᠤᠯᠬᠤ ᠵᠢᠴᠢ ᠸᠠᠩ ᠤᠨ ᠣᠷᠳᠣᠨ ᠤ ᠮᠦᠽᠧᠢ ᠶᠢᠨ ᠦᠵᠡᠭᠦᠯᠦᠯᠭᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ     10 ᠰᠠᠷ᠎ᠠ ᠤᠨ 14 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ ᠹᠠᠩ ᠷᠦᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠠᠭᠤᠷᠢᠨ ᠭᠠᠵᠠᠷ ᠢ ᠪᠠᠲᠤ ᠴᠣᠭᠴᠠᠯᠠᠨ ᠪᠠᠶᠢᠭᠤᠯᠬᠤ ᠵᠢᠴᠢ ᠸᠠᠩ ᠤᠨ ᠣᠷᠳᠣᠨ ᠤ ᠮᠦᠽᠧᠢ ᠶᠢᠨ ᠦᠵᠡᠭᠦᠯᠦᠯᠭᠡ ᠶᠢᠨ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃     ᠹᠠᠩ ᠷᠦᠢ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠭᠤᠯᠬᠤ︾ ᠲᠤᠬᠠᠶ ᠴᠢᠬᠤᠯᠠ ᠥᠭᠦᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠣᠨᠣᠯ ᠢ ᠲᠤᠤᠱᠯᠠᠭᠤᠯᠤᠨ ᠬᠡᠷᠡᠭᠵᠢᠭᠦᠯᠬᠦ ᠤᠬᠠᠮᠰᠠᠷᠲᠤ ᠴᠢᠨᠠᠷ ᠢ ᠳᠡᠭᠡᠭᠰᠢᠯᠡᠭᠦᠯᠵᠦ᠂     ᠦᠨᠳᠦᠰᠦᠲᠡᠨ ᠤ ᠪᠦᠯᠬᠦᠮᠳᠡᠯ ᠳᠤ ᠠᠰᠢᠭᠲᠠᠶ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠬᠤ ᠬᠡᠷᠡᠭᠲᠡᠶ᠃     ᠹᠠᠩ ᠷᠦᠢ ᠴᠢᠬᠤᠯᠠᠴᠢᠯᠠᠬᠤ ᠳᠠᠭᠠᠨ᠂ ᠠᠵᠠ ᠲᠣᠬᠢᠶᠠᠯ ᠢ ᠠᠮᠵᠢᠵᠤ᠂ ᠠᠵᠢᠯ ᠤᠨ ᠠᠬᠢᠴᠠ ᠪᠠᠨ ᠲᠦᠷᠭᠡᠳᠬᠡᠨ ᠠᠬᠢᠭᠤᠯᠵᠤ᠂ ᠬᠦᠩᠰᠠᠩᠨᠣᠷᠪᠤ ᠵᠢᠴᠢ ᠴᠢᠨ ᠸᠠᠩ ᠤᠨ ᠣᠷᠳᠣᠨ ᠢ  ᠭᠠᠳᠠᠭᠰᠢ ᠳᠡᠯᠭᠡᠨ ᠦᠵᠡᠭᠦᠯᠵᠦ᠂ ᠪᠡᠭᠡᠵᠢᠩ ᠵᠢᠴᠢ ᠪᠥᠬᠦ ᠤᠯᠤᠰ ᠤᠨ ᠡᠯ᠎ᠡ ᠭᠠᠵᠠᠷ ᠲᠤ ᠴᠥᠮ ᠬᠠᠷᠠᠴᠢᠨ᠂ ᠬᠠᠷᠠᠴᠢᠨ ᠴᠢᠨ ᠸᠠᠩ ᠤᠨ ᠣᠷᠳᠣᠨ ᠢ ᠣᠶᠢᠯᠠᠭᠠᠭᠤᠯᠬᠤ ᠬᠡᠷᠡᠭᠲᠡᠶ ᠭᠡᠵᠡᠶ᠃ ᠲᠥᠪ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠤᠯᠤᠰ ᠤᠨ ᠰᠣᠶᠣᠯ ᠵᠢᠭᠤᠯᠴᠢᠯᠠᠯ ᠤᠨ ᠶᠠᠮᠤᠨ ᠲᠠᠢ ᠢᠳᠡᠪᠬᠢᠲᠡᠶ ᠪᠠᠷ ᠨᠡᠪᠲᠡᠷᠡᠯᠴᠡᠨ ᠬᠠᠷᠢᠯᠴᠠᠵᠤ᠂ ᠸᠠᠩ ᠤᠨ ᠣᠷᠳᠣᠨ ᠤ ᠵᠠᠩ ᠦᠢᠯᠡ ᠶᠢᠨ ᠵᠢᠵᠢᠭ ᠪᠠᠯᠭᠠᠰᠤ᠂ ᠰᠣᠶᠣᠯ ᠤᠨ ᠵᠢᠵᠢᠭ ᠪᠠᠯᠭᠠᠰᠤ ᠶᠢ ᠸᠠᠩ ᠤᠨ ᠣᠷᠳᠣᠨ ᠤ ᠨᠡᠷᠡᠲᠦ ᠪᠠᠯᠭᠠᠰᠤ ᠪᠣᠯᠭᠠᠨ ᠪᠠᠶᠢᠭᠤᠯᠵᠤ᠂ ᠢᠵᠢ ᠪᠦᠷᠢᠳᠦᠭᠰᠡᠨ ᠵᠢᠭᠤᠯᠴᠢᠯᠠᠯ ᠤᠨ ᠱᠤᠭᠤᠮ᠂ ᠲᠤᠬᠠᠶᠢᠯᠠᠪᠠᠯ ᠸᠠᠩ ᠤᠨ ᠣᠷᠳᠣᠨ ᠤ ᠵᠢᠭᠤᠯᠴᠢᠯᠠᠯ ᠤᠨ ᠲᠤᠰᠬᠠᠶ ᠱᠤᠭᠤᠮ ᠢ ᠪᠦᠷᠢᠯᠳᠦᠭᠦᠯᠬᠦ ᠬᠡᠷᠡᠭᠲᠡᠶ᠃     ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠪᠦᠷᠢᠨ ᠲᠡᠭᠦᠯᠳᠡᠷ ᠨᠠᠷᠢᠨ ᠨᠢᠭᠲᠠ ᠳᠡᠯᠭᠡᠨ ᠦᠵᠡᠭᠦᠯᠦᠯᠭᠡ ᠶᠢᠨ ᠵᠢᠷᠤᠭ ᠲᠥᠯᠥᠪᠯᠡᠭᠡ ᠶᠢᠨ ᠲᠥᠰᠦᠯ ᠢ ᠱᠠᠯᠠᠪᠳᠠᠨ ᠨᠠᠶᠢᠷᠠᠭᠤᠯᠤᠨ ᠵᠣᠬᠢᠶᠠᠵᠤ᠂ ᠰᠣᠶᠣᠯ ᠤᠨ ᠠᠭᠤᠯᠬᠤᠨ᠂ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠴᠢᠩ ᠤᠯᠤᠰ ᠤᠨ ᠦᠶ᠎ᠡ ᠶᠢᠨ ᠲᠡᠸ᠋ᠬᠡ ᠶᠢᠨ ᠳᠤᠷᠠᠰᠬᠠᠯᠲᠤ ᠵᠦᠶᠯᠡᠰ ᠢ ᠴᠤᠭᠯᠠᠭᠤᠯᠤᠨ ᠡᠮᠬᠢᠳᠬᠡᠵᠦ᠂ ᠳᠡᠯᠭᠡᠨ ᠦᠵᠡᠭᠦᠯᠬᠦ ᠠᠭᠤᠯᠭ᠎ᠠ ᠶᠢ ᠪᠠᠶᠠᠯᠢᠭᠵᠢᠭᠤᠯᠤᠨ᠂ ᠸᠠᠩ ᠤᠨ ᠣᠷᠳᠣᠨ ᠤ ᠮᠦᠽᠧᠶ ᠶᠢᠨ ᠪᠣᠳᠠᠲᠤ ᠪᠣᠳᠠᠰ ᠤᠨ ᠳᠡᠯᠭᠡᠨ ᠦᠵᠡᠭᠦᠯᠦᠯᠭᠡ ᠪᠠ ᠮᠠᠲ᠋ᠧᠷᠢᠶᠠᠯ ᠴᠤᠭᠯᠠᠭᠤᠯᠬᠤ ᠠᠵᠢᠯ ᠢ ᠰᠠᠶᠢᠲᠤᠷ ᠬᠢᠵᠦ᠂᠂ ᠸᠠᠩ ᠤᠨ ᠣᠷᠳᠣᠨ ᠤ ᠪᠠᠯᠭᠠᠰᠤ ᠶᠢᠨ ᠮᠤᠩᠭᠤᠯ ᠶᠤᠸᠠᠨ ᠴᠢᠩ ᠤᠨ ᠰᠣᠶᠣᠯ ᠤᠨ ᠠᠵᠤ ᠦᠶᠯᠡᠰ ᠤᠨ ᠪᠦᠰᠡ ᠶᠢ ᠢᠳᠡᠪᠬᠢᠲᠡᠶ ᠴᠣᠭᠴᠠᠯᠠᠨ ᠪᠠᠶᠢᠭᠤᠯᠵᠤ᠂ ᠰᠣᠶᠣᠯ ᠵᠢᠭᠤᠯᠴᠢᠯᠠᠯ ᠬᠤᠳᠠᠯᠳᠤᠭ᠎ᠠ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠳᠥᠯᠭᠢᠨ ᠠᠬᠢᠭᠤᠯᠵᠤ᠂ ᠰᠣᠶᠣᠯ ᠤᠨ ᠠᠵᠤ ᠦᠶᠯᠡᠰ ᠢᠶᠠᠷ ᠪᠤᠰᠤᠳ ᠠᠵᠤ ᠦᠶᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠳᠠᠶᠢᠴᠢᠯᠠᠨ᠎ᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号