ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠬᠠᠷᠠᠴᠢᠨ ᠬᠤᠰᠢᠭᠤᠨ ᠳᠤ ᠬᠦᠷᠴᠦ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2021/10/16
ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠬᠠᠷᠠᠴᠢᠨ ᠬᠤᠰᠢᠭᠤᠨ ᠳᠤ ᠬᠦᠷᠴᠦ ᠠᠵᠢᠯ ᠢ ᠬᠢᠨᠠᠨ ᠵᠢᠯᠣᠭᠤᠳᠪᠠ     10 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠸ᠋ᠬᠡ ᠶᠢᠨ ᠰᠤᠷᠤᠯᠴᠠᠯᠭ᠎ᠠ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠸᠠᠩ ᠭᠦᠸᠧ ᠰᠢᠶᠠᠩ ᠨᠠᠷ ᠬᠠᠷᠠᠴᠢᠨ ᠬᠤᠰᠢᠭᠤᠨ ᠳᠤ ᠬᠦᠷᠴᠦ ᠠᠵᠢᠯ ᠢ ᠬᠢᠨᠠᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠹᠠᠩ ᠷᠦᠢ᠂ ᠵᠣᠣ ᠶᠠᠨ ᠬᠦᠩ᠂ ᠵᠠᠩ ᠬᠤᠸᠠ᠂ ᠪᠠᠢ ᠯᠢᠩ᠂ ᠰᠢᠥᠢ ᠵᠢᠶᠠᠨ ᠬᠤᠢ᠂ ᠳ᠋ᠦᠩ ᠯᠧᠢ᠂ ᠸᠠᠩ ᠶᠢᠸ᠋ ᠴᠢᠦ ᠵᠢᠴᠢ ᠭᠡᠷ ᠲᠡᠭᠡᠨ ᠪᠠᠶᠢᠭ᠎ᠠ ᠰᠢᠶᠠᠨ ᠭᠠᠵᠠᠷ ᠤᠨ ᠳᠡᠰ ᠤᠨ ᠤᠳᠤᠷᠢᠳᠤᠯᠭ᠎ᠠ ᠬᠤᠷᠠᠯ ᠳᠤ ᠤᠷᠤᠯᠴᠠᠪᠠ᠃     ᠹᠠᠩ ᠷᠦᠢ ᠵᠢᠭᠠᠵᠤ ᠭᠠᠷᠭᠠᠭᠰᠡᠨ ᠨᠢ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠴᠠᠭ ᠤᠨ ᠬᠦᠰᠦᠨᠦᠭᠲᠦ ᠪᠠ ᠱᠤᠭᠤᠮ ᠤᠨ ᠵᠢᠷᠤᠭ ᠢᠶᠠᠷ ᠬᠠᠷᠠᠴᠢᠨ ᠬᠤᠰᠢᠭᠤᠨ ᠤ ᠬᠢᠨ ᠤᠷᠢᠳ ᠬᠤᠵᠢᠳ 4 ᠤᠳᠠᠭ᠎ᠠ ᠪᠠᠶᠢᠩᠭᠤ ᠶᠢᠨ ᠭᠡᠰᠢᠭᠦᠳ ᠤᠨ ᠬᠤᠷᠠᠯ᠂ 7 ᠤᠳᠠᠭ᠎ᠠ ᠤᠳᠤᠷᠢᠳᠬᠤ ᠳᠤᠭᠤᠶᠢᠯᠠᠩ ᠤᠨ ᠠᠵᠢᠯ ᠤᠨ ᠬᠤᠷᠠᠯ᠂ 20 ᠭᠠᠷᠤᠶ ᠤᠳᠠᠭ᠎ᠠ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠬᠠᠮᠤᠭ ᠤᠨ ᠰᠢᠨ᠎ᠡ ᠱᠠᠭᠠᠷᠳᠠᠯᠭ᠎ᠠ ᠪᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠷᠡ ᠳᠠᠷᠤᠶ ᠳᠤᠨᠢ ᠤᠯᠠᠮᠵᠢᠯᠠᠨ ᠨᠠᠶᠢᠳᠠᠪᠤᠷᠢᠵᠢᠭᠤᠯᠵᠠᠶ᠃ ︽ᠰᠤᠷᠤᠯᠴᠠᠯᠭ᠎ᠠ ᠶᠢᠨ ᠤᠷᠤᠢ ᠶᠢᠨ ᠰᠤᠷᠭᠠᠭᠤᠯᠢ︾᠂ ᠰᠦᠯᠵᠢᠶᠡᠨ ᠳᠡᠭᠡᠷᠡᠬᠢ ᠭᠤᠣᠯ ᠰᠡᠳᠦᠪᠲᠦ ᠰᠤᠷᠤᠯᠴᠠᠯᠭ᠎ᠠ ᠶᠢ ᠥᠷᠨᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠲᠥᠯᠥᠪᠯᠡᠭᠡ ᠶᠣᠰᠣᠭᠠᠷ ᠥᠪᠡᠰᠦᠪᠡᠨ ᠰᠤᠷᠤᠯᠴᠠᠨ᠎ᠠ᠃     ᠹᠠᠩ ᠷᠦᠢ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠬᠠᠷᠠᠴᠢᠨ ᠬᠤᠰᠢᠭᠤᠨ ᠤ ᠬᠢᠨ ᠲᠣᠰ ᠤᠳᠠᠭᠠᠨ ᠤ ᠰᠢᠪᠠᠳᠠᠨ ᠪᠠᠶᠢᠴᠠᠭᠠᠯᠲᠠ ᠶᠢᠨ ᠵᠢᠯᠣᠭᠤᠳᠣᠯᠭ᠎ᠠ ᠪᠠᠷ ᠠᠵᠠ ᠲᠣᠬᠢᠶᠠᠯ ᠪᠣᠯᠭᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠬᠠᠶ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠨᠣᠯ ᠤᠨ ᠮᠡᠳᠡᠯᠭᠡ᠂ ᠣᠶᠤᠨ ᠰᠠᠨᠠᠭᠠᠨ ᠤ ᠠᠭᠤᠯᠤᠭᠳᠠᠬᠤᠨ ᠢ ᠪᠣᠳᠠᠲᠤ ᠠᠵᠢᠯᠯᠠᠭ᠎ᠠ ᠳᠠᠭᠠᠨ ᠤᠯᠠᠷᠢᠭᠤᠯᠤᠨ᠂ ᠣᠯᠠᠨ ᠲᠦᠮᠡᠨ ᠤ ᠵᠤᠪᠠᠨᠢᠯ᠂ ᠠᠰᠠᠭᠤᠳᠠᠯ ᠢ ᠰᠡᠳᠬᠢᠯ ᠲᠠᠯᠪᠢᠨ ᠰᠢᠶᠳᠪᠦᠷᠢᠯᠡᠵᠦ᠂ ᠣᠯᠠᠨ ᠲᠦᠮᠡᠨ ᠳᠤ ᠨᠠᠩ ᠪᠣᠳᠠᠲᠠᠶ ᠵᠣᠯ ᠵᠢᠷᠭᠠᠯᠲᠤ ᠲᠥᠷᠥᠭᠳᠡᠯ ᠪᠠ ᠬᠦᠷᠳᠡᠮᠵᠢ ᠶᠢᠨ ᠰᠡᠳᠬᠢᠯᠭᠡ ᠲᠠᠢ ᠪᠣᠯᠭᠠᠨ᠎ᠠ᠃ ᠰᠢᠶᠠᠨ ᠭᠠᠵᠠᠷ ᠤᠨ ᠲᠡᠰ ᠤᠨ ᠤᠳᠤᠷᠢᠳᠬᠤ ᠺᠠᠳ᠋ᠷ ᠭᠡᠬᠦ ᠡᠨᠡᠬᠦ ᠵᠠᠩᠭᠢᠯᠠᠭ᠎ᠠ ᠶᠢ ᠦᠷᠭᠦᠯᠵᠢᠯᠡᠨ ᠰᠠᠶᠢᠲᠤᠷ ᠠᠳᠬᠤᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ ︾ ᠶᠢ ᠭᠦᠨᠵᠡᠭᠡᠢ ᠶᠠᠪᠤᠭᠳᠠᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢᠶᠠᠷ ︽ᠵᠣᠩᠬᠢᠯᠠᠬᠤ ᠤᠯᠠᠨ ᠲᠣᠭᠠᠲᠠᠨ︾ ᠢ ᠳᠠᠶᠢᠴᠢᠯᠠᠵᠤ᠂  ︽ᠲᠦᠷᠦᠭᠦᠦ ᠭᠠᠯᠠᠭᠤ  ︾ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃  ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠬᠢᠨᠠᠨ ᠵᠢᠯᠣᠭᠤᠳᠬᠤ ᠶᠢ ᠰᠠᠶᠢᠲᠤᠷ ᠠᠳᠬᠤᠵᠤ᠂ ᠡᠯ᠎ᠡ ᠲᠦᠷᠦᠯ ᠤᠨ ᠠᠷᠠᠳ ᠤᠨ ᠠᠮᠢᠳᠤᠷᠠᠯ ᠤᠨ ᠭᠤᠤᠯᠳᠠᠯᠭ᠎ᠠ ᠲᠠᠢ ᠲᠦᠷᠦᠯ ᠵᠤᠶᠢᠯ ᠤᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠤᠬᠠᠭᠤᠯᠭ᠎ᠠ ᠶᠢᠨ ᠬᠡᠯᠪᠡᠷᠢ ᠪᠠᠨ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠳᠣᠲᠣᠭᠠᠳᠤ ᠳᠠᠭᠠᠨ ᠬᠦᠴᠦ ᠪᠠᠨ ᠨᠢᠭᠲᠠᠷᠠᠭᠤᠯᠵᠤ ᠲᠡᠮᠡᠴᠡᠯ ᠤᠨ ᠵᠣᠷᠢᠭ ᠢ ᠬᠥᠭᠵᠢᠭᠡᠵᠦ᠂ ᠭᠠᠳᠠᠭᠠᠳᠤ ᠳᠤ ᠨᠥᠯᠥᠭᠡ ᠪᠠᠨ ᠥᠷᠭᠡᠳᠬᠡᠵᠦ ᠲᠦᠷᠢ ᠲᠥᠷᠬᠦ ᠪᠠᠨ ᠢᠯᠡᠷᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠶᠢᠵᠢᠭᠤᠯᠬᠤ ᠬᠡᠷᠡᠭᠲᠡᠢ ᠭᠡᠵᠠᠢ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠠᠷᠠᠴᠢᠨ ᠬᠤᠰᠢᠭᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠭᠦᠢᠴᠡᠳ ᠨᠤᠲᠠᠯᠠᠪᠠ᠃ ᠬᠠᠷᠠᠴᠢᠨ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠠᠬᠢᠴᠠ ᠨᠢ ᠲᠦᠷᠭᠡᠨ᠂ ᠵᠣᠬᠢᠶᠠᠨ ᠪᠠᠶᠢᠭᠤᠯᠤᠯᠲᠠ ᠨᠢ ᠨᠠᠷᠢᠨ ᠨᠢᠭᠲᠠ᠂ ᠰᠡᠳᠬᠢᠮᠵᠢ ᠨᠢ ᠲᠣᠳᠣᠷᠬᠠᠶ᠂ ᠠᠵᠢᠯ ᠨᠢ ᠥᠪᠡᠷᠮᠢᠴᠡ ᠣᠨᠴᠠᠯᠢᠭ ᠲᠠᠢ᠂ ᠬᠢᠯᠠᠰ ᠴᠡᠭ ᠲᠠᠢ᠂ ᠢᠯᠡᠳᠲᠡ ᠦᠷ᠎ᠡ ᠪᠦᠲᠦᠮᠵᠢ ᠤᠯᠪᠠ ᠭᠡᠵᠦ ᠦᠵᠡᠪᠡ᠃     ᠸᠠᠩ ᠭᠦᠸᠧ ᠰᠢᠶᠠᠩ ᠵᠢᠭᠠᠵᠤ ᠭᠠᠷᠭᠠᠭᠰᠠᠨ ᠨᠢ᠂ ᠲᠥᠰᠦᠯ ᠤᠨ ᠱᠠᠭᠠᠷᠳᠠᠯᠭ᠎ᠠ ᠶᠣᠰᠣᠭᠠᠷ᠂ ᠡᠷᠴᠢᠮ ᠢᠶᠠᠨ ᠰᠤᠯᠠᠷᠠᠭᠤᠯᠬᠤ ᠥᠬᠡᠶ᠂ ᠬᠠᠯᠠᠭᠤᠨ ᠰᠡᠳᠬᠢᠯᠭᠡ ᠪᠠᠨ ᠰᠤᠯᠠᠷᠠᠭᠤᠯᠬᠤ ᠥᠬᠡᠶ ᠪᠠᠶᠢᠬᠤ ᠶᠢ ᠪᠡᠶᠡᠯᠡᠭᠦᠯᠵᠦ᠂ ᠨᠠᠮ ᠤᠨ ᠲᠡᠤᠬᠡ  ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ  ᠢᠮᠠᠭᠲᠠ ᠰᠠᠶᠢᠲᠤᠷ ᠠᠳᠬᠤᠬᠤ ᠬᠡᠷᠡᠭᠲᠡᠶ ᠡᠭᠦᠨ ᠤ ᠬᠠᠮᠲᠤ ᠂ ︽ᠪᠢ ᠤᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠡᠬᠢᠨ ᠠᠴᠠ ᠨᠢ ᠳᠠᠭᠤᠰᠲᠠᠯ᠎ᠠ ᠲᠤᠤᠱᠯᠠᠭᠤᠯᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨᠬᠦ ᠠᠵᠢᠯ ᠤᠨ ᠬᠥᠳᠡᠯᠭᠡᠬᠦ ᠬᠦᠴᠦᠨ ᠪᠠ ᠬᠥᠭᠵᠢᠯᠲᠡ ᠶᠢᠨ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠵᠤ᠂ ᠦᠨᠡᠨᠬᠦ ᠲᠡᠦᠬᠡ ᠰᠤᠷᠴᠤ ᠶᠣᠰᠣ ᠤᠴᠢᠷ ᠢ ᠮᠡᠳᠡᠬᠦ᠂ ᠲᠡᠦᠬᠡ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠰᠤᠷᠴᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠴᠤ ᠴᠢᠷᠮᠠᠶᠢᠨ ᠤᠷᠤᠭᠰᠢᠯᠠᠬᠤ ᠶᠢ ᠪᠡᠶᠡᠯᠡᠭᠦᠯᠬᠦ ᠬᠡᠷᠡᠭᠲᠡᠢ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号