ᠬᠠᠷᠠᠴᠢᠨ ᠬᠤᠰᠢᠭᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠠᠨᠳᠠᠭᠤᠯᠤᠨ ᠲᠤᠰᠬᠠᠶ ᠴᠡᠭᠴᠡᠯᠡᠨ ᠵᠠᠰᠠᠬᠤ ᠠᠵᠢᠯ ᠢ ᠳᠥᠯᠭᠢᠨ ᠠᠬᠢᠭᠤᠯᠬᠤ ᠬᠤᠷᠠᠯ ᠬᠢᠪᠠ
ᠨᠡᠶᠢᠲᠡᠯᠡᠭᠰᠡᠨ ᠴᠠᠭ᠄
2021/10/19
ᠬᠠᠷᠠᠴᠢᠨ ᠬᠤᠰᠢᠭᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠠᠨᠳᠠᠭᠤᠯᠤᠨ ᠲᠤᠰᠬᠠᠶ ᠴᠡᠭᠴᠡᠯᠡᠨ ᠵᠠᠰᠠᠬᠤ ᠠᠵᠢᠯ ᠢ ᠳᠥᠯᠭᠢᠨ ᠠᠬᠢᠭᠤᠯᠬᠤ ᠬᠤᠷᠠᠯ ᠬᠢᠪᠠ     10 ᠳ᠋ᠤᠭᠠᠷ ᠰᠠᠷ᠎ᠠ ᠶᠢᠨ 18 ᠤ ᠡᠳᠦᠷ᠂ ᠬᠠᠷᠠᠴᠢᠨ ᠬᠤᠰᠢᠭᠤ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠳᠥᠯᠭᠢᠨ ᠠᠬᠢᠭᠤᠯᠬᠤ ᠬᠤᠷᠠᠯ ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠶᠠᠨ᠂ ᠳᠡᠳ᠋ ᠬᠤᠰᠢᠭᠤᠨ ᠳᠠᠷᠤᠭ᠎ᠠ ᠪᠢᠴᠢᠭᠲᠦ ᠬᠤᠷᠠᠯ ᠳᠤ ᠣᠷᠣᠯᠴᠠᠵᠠᠶ᠃     ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠠᠬᠢᠭᠤᠯᠬᠤ ᠪᠣᠯ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠮᠥᠨ ᠪᠥᠭᠡᠳ ᠪᠠᠰᠠ ᠴᠤ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠤᠯᠤᠰ ᠲᠥᠷᠥ ᠶᠢᠨ ᠵᠣᠭᠰᠣᠴᠠ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠴᠢᠬᠤᠯᠠ ᠴᠢᠨᠠᠷ᠂ ᠪᠣᠳᠠᠲᠠᠶ ᠲᠤᠯᠭᠠᠮ᠎ᠠ ᠴᠢᠨᠠᠷ ᠪᠠ ᠡᠭᠦᠷᠭᠡ ᠶᠢᠨ ᠪᠡᠷᠬᠡ ᠬᠠᠲᠠᠭᠤᠵᠢᠯᠲᠤ ᠴᠢᠨᠠᠷ ᠢ ᠭᠦᠨᠵᠡᠭᠡᠶ ᠲᠠᠨᠢᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠨ᠂ ᠪᠣᠳᠠᠲᠠᠶ ᠶᠢ ᠡᠷᠬᠢᠮᠯᠡᠨ ᠠᠵᠢᠯᠯᠠᠵᠤ᠂ ᠲᠤᠰᠬᠠᠶ ᠴᠡᠭᠴᠡᠯᠡᠨ ᠵᠠᠰᠠᠬᠤ ᠡᠯ᠎ᠡ ᠵᠦᠶᠯ ᠤᠨ ᠠᠵᠢᠯ ᠢ ᠦᠨᠡᠨ ᠬᠦ ᠴᠢᠩᠭ᠎ᠠ ᠠᠳᠬᠤᠵᠤ ᠪᠣᠳᠠᠲᠠᠶ ᠪᠠᠷ ᠠᠳᠬᠤᠬᠤ ᠬᠡᠷᠡᠭᠲᠡᠶ᠃     ᠵᠣᠣ ᠶᠠᠨ ᠬᠤᠩ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠨᠢᠭᠡᠴᠡ ᠨᠦᠭᠦᠳ ᠬᠡᠷᠡᠭ ᠢ ᠪᠠᠶᠢᠴᠠᠭᠠᠨ ᠰᠢᠶᠳᠪᠦᠷᠢᠯᠡᠬᠦ᠂ ᠭᠠᠵᠠᠷ ᠰᠢᠷᠣᠶ ᠶᠢᠨ ᠲᠥᠷᠥᠯ ᠤᠨ ᠬᠢᠨᠠᠨ ᠲᠠᠰᠤᠯᠤᠯᠲᠠ ᠬᠢᠬᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠡᠷᠭᠡ ᠵᠠᠩᠭᠢᠯᠠᠭ᠎ᠠ ᠶᠢᠨ ᠠᠵᠢᠯ ᠢ ᠬᠢᠨᠠᠮᠠᠭᠠᠶ᠂ ᠴᠠᠭ ᠲᠤᠬᠠᠶ ᠳᠤᠨᠢ᠂ ᠪᠦᠲᠦᠮᠵᠢᠲᠡᠶ ᠪᠠᠷ ᠠᠬᠢᠭᠤᠯᠵᠤ᠂ ᠭᠤᠤᠯᠳᠠᠯᠭ᠎ᠠ ᠲᠠᠢ ᠡᠭᠦᠷᠭᠡ ᠶᠢ ᠡᠷᠡᠰ ᠠᠳᠬᠤᠵᠤ᠂ ᠲᠤᠰᠬᠠᠶ ᠵᠦᠶᠯ ᠢᠶᠠᠷ ᠴᠡᠭᠴᠡᠯᠡᠨ ᠵᠠᠰᠠᠬᠤ ᠶᠢᠨ ᠲᠦᠭᠵᠢᠷᠡᠯ ᠤᠨ ᠴᠢᠭ ᠬᠦᠴᠢᠷ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠬᠠᠮᠢᠶ᠎ᠠ ᠪᠥᠬᠦᠶ ᠠᠵᠢᠯ ᠤᠨ ᠦᠷ᠎ᠡ ᠪᠦᠲᠦᠮᠵᠢ ᠪᠠᠷ ᠳᠤᠤᠷ᠎ᠠ᠂ ᠠᠬᠢᠴᠠ ᠪᠠᠷ ᠤᠳᠠᠭᠠᠨ ᠪᠠᠶᠢᠭ᠎ᠠ ᠣᠳᠣᠬᠢ ᠪᠠᠶᠢᠳᠠᠯ ᠢ ᠦᠳᠲᠡᠷ ᠲᠦᠷᠭᠡᠨ ᠬᠤᠪᠢᠷᠠᠭᠤᠯᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠠᠨᠳᠠᠭᠤᠯᠤᠨ ᠲᠤᠰᠬᠠᠶ ᠵᠦᠶᠯ ᠢᠶᠠᠷ ᠴᠡᠭᠴᠡᠯᠡᠨ ᠵᠠᠰᠠᠬᠤ ᠠᠵᠢᠯ ᠢ ᠨᠠᠩ ᠶᠡᠭᠡ ᠡᠷᠴᠢᠮ ᠢᠶᠠᠷ ᠳᠥᠯᠭᠢᠨ ᠠᠬᠢᠭᠤᠯᠬᠤ ᠬᠡᠷᠡᠭᠲᠡᠶ᠃ᠵᠣᠣ ᠶᠠᠨ ᠬᠤᠩ ᠴᠢᠬᠤᠯᠠᠴᠢᠯᠠᠬᠤ ᠳᠠᠭᠠᠨ᠂ ᠡᠯ᠎ᠡ ᠰᠠᠯᠠᠭ᠎ᠠ ᠮᠥᠴᠢᠷ ᠤᠨ ᠬᠢᠨ  ᠭᠤᠤᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠵᠤ᠂  ᠭᠤᠤᠯ ᠬᠠᠷᠢᠭᠤᠴᠠᠯᠭᠠᠲᠠᠨ ᠪᠡᠶ᠎ᠡ ᠪᠠᠷ ᠢᠶᠠᠨ ᠭᠠᠷᠳᠠᠵᠤ᠂ ᠠᠰᠠᠭᠤᠳᠠᠯ ᠨᠢᠭᠡᠪᠦᠷᠢ ᠶᠢ ᠵᠥᠪᠳᠡᠯᠴᠡᠨ ᠰᠤᠳᠤᠯᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠠᠵᠢᠯ ᠤᠨ ᠴᠠᠭ ᠤᠨ ᠬᠢᠵᠠᠭᠠᠷ ᠢ ᠲᠣᠳᠣᠷᠬᠠᠶ ᠪᠣᠯᠭᠠᠵᠤ᠂ ᠳᠦᠷᠢᠮ ᠶᠢ ᠵᠦᠷᠢᠴᠡᠵᠤ ᠭᠠᠵᠠᠷ ᠡᠵᠡᠯᠡᠭᠰᠡᠨ ᠪᠠᠷᠢᠯᠭ᠎ᠠ ᠶᠢ ᠨᠤᠷᠠᠭᠠᠬᠤ ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠲᠣᠷᠭᠠᠭᠤᠯᠢ ᠶᠢᠨ ᠵᠣᠭᠤᠰ ᠢ ᠨᠡᠬᠡᠮᠵᠢᠯᠡᠨ ᠲᠤᠰᠢᠶᠠᠯᠭᠠᠬᠤ ᠵᠡᠷᠭᠡ ᠠᠵᠢᠯ ᠢ ᠲᠦᠷᠭᠡᠪᠴᠢᠯᠡᠨ ᠪᠡᠶᠡᠯᠡᠭᠦᠯᠬᠦ ᠬᠡᠷᠡᠭᠲᠡᠶ᠃ ᠲᠤᠰᠬᠠᠶ ᠵᠦᠶᠯ ᠢᠶᠠᠷ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠨᠢ ᠨᠢᠭᠡᠳᠦᠯᠲᠡᠶ ᠲᠥᠯᠥᠪᠯᠡᠨ ᠵᠢᠯᠣᠭᠤᠳᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠶ᠎ᠠ ᠭᠠᠵᠠᠷ ᠣᠷᠣᠨ ᠤ ᠬᠠᠷᠢᠭᠤᠴᠠᠯᠭ᠎ᠠ ᠪᠠ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠡᠭᠦᠳᠡᠨ ᠠᠴᠠ ᠡᠭᠦᠰᠴᠦ᠂ ᠬᠤᠯᠪᠣᠭᠳᠠᠯ ᠪᠥᠬᠦᠶ ᠪᠠᠯᠭᠠᠰᠤ ᠰᠢᠶᠠᠩ ᠪᠠ ᠬᠠᠷᠢᠭᠤᠴᠠᠯᠭᠠᠲᠤ ᠰᠠᠯᠠᠭ᠎ᠠ ᠮᠥᠴᠢᠷ ᠤᠨ ᠠᠵᠢᠯ ᠢ ᠵᠣᠯᠭᠠᠭᠤᠯᠬᠤ ᠶᠢ ᠦᠷᠭᠦᠯᠵᠢᠯᠡᠨ ᠬᠦᠴᠦᠲᠡᠶ ᠠᠬᠢᠭᠤᠯᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃     ᠬᠤᠷᠠᠯ ᠠᠴᠠ ᠴᠢᠬᠤᠯᠴᠢᠯᠠᠭᠰᠡᠨ ᠨᠢ᠂ ᠬᠠᠷᠢᠭᠤᠴᠠᠯᠭ᠎ᠠ ᠡᠭᠦᠷᠭᠡᠯᠡᠵᠦ ᠪᠣᠳᠠᠲᠠᠢ ᠶᠢ ᠡᠷᠬᠢᠮᠯᠡᠨ ᠠᠵᠢᠯᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠤᠰᠬᠠᠢ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠢ ᠦᠨᠡᠨᠬᠦ ᠴᠢᠩᠭ᠎ᠠ ᠠᠳᠬᠤᠬᠤ ᠬᠡᠷᠡᠭᠲᠡᠢ︔ ᠠᠵᠢᠯ ᠤᠨ  ᠬᠦᠴᠦᠯᠡᠴᠡ ᠪᠠᠨ ᠴᠢᠩᠭᠠᠷᠠᠭᠤᠯᠵᠤ᠂ ᠲᠤᠰᠬᠠᠶ ᠵᠦᠶᠯ ᠢᠶᠠᠷ ᠴᠡᠭᠴᠡᠯᠡᠨ ᠵᠠᠰᠠᠬᠤ ᠶᠢ ᠳᠥᠯᠭᠢᠨ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠳ᠋ᠤᠭᠠᠷ ᠬᠠᠰᠤᠬᠤ ᠬᠤᠷᠳᠤᠴᠠ ᠶᠢ ᠲᠦᠷᠭᠡᠳᠬᠡᠬᠦ ᠬᠡᠷᠡᠭᠲᠡᠶ︔ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠤᠰᠬᠠᠶ ᠵᠦᠶᠯ ᠢᠶᠠᠷ ᠴᠡᠭᠴᠡᠯᠡᠨ ᠵᠠᠰᠠᠬᠤ ᠠᠵᠢᠯ ᠤᠨ ᠢᠯᠡᠳᠲᠡ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃     ᠬᠤᠷᠠᠯ ᠠᠴᠠ ᠬᠠᠷᠠᠴᠢᠨ ᠬᠤᠰᠢᠭᠤᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠪᠦᠬᠦ᠋ᠢᠯᠡ ᠠᠬᠢᠴᠠ ᠶᠢᠨ ᠪᠠᠶᠢᠳᠠᠯ ᠪᠣᠯᠤᠨ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号