ᠪᠥᠬᠦ ᠣᠷᠣᠨ ᠤ 2021 ᠣᠨ ᠤ ᠳᠥᠷᠪᠡᠳᠦᠭᠡᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠥᠪᠯᠡᠷᠡᠩᠭᠦᠶ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠠᠷᠠᠴᠢᠨ ᠬᠤᠰᠢᠭᠤᠨ ᠤ ᠵᠢᠨᠱᠠᠨ ᠰᠣᠶᠣᠯ ᠤᠷᠠᠯᠢᠭ ᠤᠨ ᠲᠥᠪ ᠲᠤ ᠶᠠᠪᠤᠭᠳᠠᠪᠠ
ᠨᠡᠶᠢᠲᠡᠯᠡᠭᠰᠡᠨ ᠴᠠᠭ᠄
2021/10/21
    ᠪᠥᠬᠦ ᠣᠷᠣᠨ ᠤ 2021 ᠣᠨ ᠤ ᠳᠥᠷᠪᠡᠳᠦᠭᠡᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠥᠪᠯᠡᠷᠡᠩᠭᠦᠶ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠠᠷᠠᠴᠢᠨ ᠬᠤᠰᠢᠭᠤᠨ ᠤ ᠵᠢᠨᠱᠠᠨ ᠰᠣᠶᠣᠯ ᠤᠷᠠᠯᠢᠭ ᠤᠨ ᠲᠥᠪ ᠲᠤ ᠶᠠᠪᠤᠭᠳᠠᠪᠠ     ᠪᠦᠬᠦ ᠣᠷᠣᠨ ᠢᠶᠠᠷ ᠢᠶᠠᠨ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠵᠦ ᠪᠠᠶᠢᠭ᠎ᠠ ᠲᠠᠰᠢᠷᠠᠮ ᠳᠤ᠂ 10 ᠰᠠᠷ᠎ᠠ ᠶᠢᠨ 20 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠨ ᠤ ᠬᠤᠯᠪᠣᠭᠠᠲᠤ ᠬᠤᠷᠠᠯ ᠠᠴᠠ ᠭᠤᠣᠯᠯᠠᠨ ᠡᠷᠭᠢᠯᠡᠵᠦ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠯᠠᠭᠠᠨᠬᠠᠳᠠ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ᠂ ᠤᠯᠠᠭᠠᠨᠬᠠᠳᠠ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠬᠤᠷᠢᠶ᠎ᠠ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠨ ᠡᠷᠭᠢᠯᠡᠭᠰᠡᠨ ︽ᠰᠣᠶᠣᠯ ᠤᠨ ᠮᠡᠳᠡᠷᠡᠮᠵᠢ ᠶᠢ ᠨᠡᠮᠡᠭᠳᠡᠭᠦᠯᠵᠦ᠂ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠪᠥᠲᠥᠭᠡᠨ ᠪᠠᠶᠢᠭᠤᠯᠤᠶ᠎ᠠ ︱ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ  ᠲᠤᠤᠱᠯᠠᠭᠤᠯᠬᠤ︾  ᠪᠠᠷ ᠭᠤᠤᠯ ᠰᠡᠳᠦᠪ ᠪᠣᠯᠭᠠᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ ᠳᠥᠷᠪᠡᠳᠦᠭᠡᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠥᠪᠯᠡᠷᠡᠩᠭᠦᠶ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠠᠷᠠᠴᠢᠨ ᠬᠤᠰᠢᠭᠤᠨ ᠤ ᠵᠢᠨᠱᠠᠨ ᠰᠣᠶᠣᠯ ᠤᠷᠠᠯᠢᠭ ᠤᠨ ᠲᠥᠪ ᠲᠤ ᠶᠠᠪᠤᠭᠳᠠᠪᠠ᠃     ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠡᠷᠳᠡᠨᠢᠽᠠᠩ᠂ ᠤᠯᠠᠭᠠᠨᠬᠠᠳᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠦᠸᠧ ᠰᠢᠸ᠋ ᠶᠠᠨ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠢᠶ᠎ᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠶᠠᠮᠤᠨ ᠤ ᠰᠠᠶᠢᠳ ᠬᠠᠨ ᠸᠧᠶ ᠯᠢᠨ᠂ ᠤᠯᠠᠭᠠᠨᠬᠠᠳᠠ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ᠤᠨ ᠲᠡᠷᠢᠭᠦᠯᠡᠭᠴᠢ ᠸᠠᠩ ᠱᠤ᠋ ᠭᠦᠸᠧ ᠵᠡᠷᠭᠡ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠠᠰ ᠤᠨ ᠤᠳᠤᠷᠢᠳᠤᠯᠭ᠎ᠠ︔ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ᠂ ᠬᠠᠷᠠᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠮᠠ ᠵᠢᠩ ᠬᠤᠸᠠ ᠵᠡᠷᠭᠡ ᠬᠤᠰᠢᠭᠤᠨ ᠲᠠᠰ ᠤᠨ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠶ᠃    ᠡᠷᠳᠡᠨᠢᠽᠠᠩ ᠴᠢᠬᠤᠯᠠᠴᠢᠯᠠᠭᠰᠠᠨ ᠨᠢ᠂ ᠪᠣᠳᠠᠲᠤ ᠠᠵᠢᠯᠯᠠᠭ᠎ᠠ ᠪᠠᠷ ᠢᠶᠠᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠬᠤ ᠪᠣᠯ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠮᠥᠨᠴᠦ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠪᠣᠯᠤᠨ᠎ᠠ᠃     ᠹᠠᠩ ᠷᠦᠢ ᠵᠢᠭᠠᠵᠤ ᠭᠠᠷᠭᠠᠭᠰᠠᠨ ᠨᠢ᠂ ᠪᠥᠬᠦ ᠣᠷᠣᠨ ᠤ ᠳᠥᠷᠪᠡᠳᠦᠭᠡᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠲᠥᠪᠯᠡᠷᠡᠩᠭᠦᠶ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠬᠠᠷᠠᠴᠢᠨ ᠬᠤᠰᠢᠭᠤᠨ ᠳᠤ ᠶᠠᠪᠤᠭᠳᠠᠭᠤᠯᠬᠤ ᠪᠠᠷ ᠲᠣᠬᠢᠷᠠᠭᠤᠯᠤᠭᠰᠠᠨ ᠨᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠪᠣᠯᠤᠨ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ᠤᠨ ᠬᠠᠷᠠᠴᠢᠨ ᠬᠤᠰᠢᠭᠤ ᠶᠢ ᠬᠠᠯᠠᠮᠵᠢᠯᠠᠵᠤ ᠪᠠᠶᠢᠬᠤ ᠶᠢ ᠭᠦᠶᠴᠡᠳ ᠬᠠᠷᠠᠭᠤᠯᠵᠤ ᠪᠠᠶᠢᠨ᠎ᠠ᠃ ᠣᠶᠢᠷ᠎ᠠ ᠶᠢᠨ ᠵᠢᠯ ᠳᠤ᠂ ᠬᠠᠷᠠᠴᠢᠨ ᠬᠤᠰᠢᠭᠤ ᠪᠣᠳᠠᠲᠠᠶ ᠳᠠᠭᠠᠨ ᠰᠠᠭᠤᠷᠢᠯᠠᠨ᠂ ᠨᠡᠶᠢᠭᠡᠮ ᠤᠨ ᠰᠢᠨᠵᠢᠯᠡᠬᠦ ᠤᠬᠠᠭᠠᠨ ᠤ ᠭᠤᠸ᠋ᠯᠳᠠᠯᠭ᠎ᠠ ᠲᠠᠢ ᠠᠵᠢᠯ ᠤᠨ ᠲᠣᠭᠤᠷᠢᠨ ᠳᠤ᠂ ᠣᠨᠣᠯ ᠤᠨ ᠤᠬᠠᠭᠤᠯᠭ᠎ᠠ᠂ ᠬᠠᠸ᠋ᠯᠢ ᠲᠦᠷᠢᠮ ᠤᠨ ᠤᠬᠠᠭᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠪᠠᠭᠤᠯᠭᠠᠬᠤ ᠵᠡᠷᠭᠡ ᠠᠯᠢ ᠣᠯᠠᠨ ᠬᠡᠯᠪᠡᠷᠢ ᠮᠠᠶ᠋ᠢᠭ ᠣᠯᠠᠨ ᠶᠠᠩᠵᠤ ᠶᠢᠨ᠂ ᠡᠯᠪᠡᠭ ᠪᠠᠶᠠᠯᠢᠭ ᠨᠡᠶᠢᠭᠡᠮ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠪᠥᠬᠦ ᠬᠤᠰᠢᠭᠤᠨ ᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠦᠶᠯᠡᠰ ᠤᠨ ᠠᠮᠢᠵᠢᠷᠠᠯ ᠤᠨ ᠬᠦᠴᠦᠨ ᠢ ᠪᠦᠲᠦᠮᠵᠢᠲᠠᠢ ᠬᠦᠭᠵᠢᠭᠦᠯᠵᠠᠢ᠃     ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠬᠤᠯᠪᠤᠭᠠᠨ ᠤ ᠤᠯᠠᠭᠠᠨᠬᠠᠳᠠ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠰᠠᠭᠤᠷᠢᠨ ᠭᠠᠵᠠᠷ᠂ ᠳᠡᠭᠡᠳᠦ ᠰᠤᠷᠭᠠᠭᠤᠯᠢ ᠳᠤ ︽ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠴᠤᠪᠤᠷᠠᠯ ᠪᠢᠴᠢᠭ︾ ᠢ ᠬᠦᠷᠭᠡᠪᠡ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠬᠠᠷᠠᠴᠢᠨ ᠬᠤᠰᠢᠭᠤᠨ ᠤ ᠤᠯᠠᠭᠠᠨᠮᠥ᠋ᠴᠢᠷ ᠤᠨ ᠶᠠᠷᠢᠶᠠᠲᠤ ᠵᠦᠴᠦᠭᠡ ︽ᠨᠢᠩᠵᠢᠨ ᠰᠡᠳᠬᠢᠯ︾ ᠢ ᠰᠤᠨᠢᠷᠬᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠶ᠎ᠡ︾ ᠭᠡᠬᠦ ᠲᠤᠬᠠᠶ ᠶᠢᠨ ᠲᠠᠯᠠᠪᠠᠶ ᠶᠢᠨ ᠦᠵᠡᠭᠦᠯᠦᠯᠭᠡ ᠶᠢ ᠲᠣᠭᠤᠷᠢᠨ ᠦᠵᠡᠭᠰᠡᠨ ᠪᠥᠭᠡᠳ ᠲᠤᠬᠠᠶ ᠶᠢᠨ ᠲᠠᠯᠠᠪᠠᠶ ᠳᠤ ᠠᠰᠠᠭᠤᠨ ᠯᠠᠪᠯᠠᠬᠤ ᠠᠵᠢᠯᠯᠠᠭ᠎ᠠ ᠥᠷᠨᠢᠭᠦᠯᠵᠦ ᠪᠠᠶᠢᠭ᠎ᠠ ᠨᠡᠶᠢᠭᠡᠮ ᠤᠨ ᠰᠢᠨᠵᠢᠯᠡᠬᠦ ᠤᠬᠠᠭᠠᠨ ᠤ ᠲᠤᠰᠬᠠᠶ ᠮᠡᠷᠭᠡᠵᠢᠯᠲᠡᠳ ᠲᠠᠢ ᠰᠠᠨᠠᠯ ᠢᠶᠠᠨ ᠰᠣᠯᠢᠯᠴᠠᠪᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号