ᠬᠠᠷᠠᠴᠢᠨ ᠬᠤᠰᠢᠭᠤ ᠭᠤᠤᠯᠳᠠᠯᠭ᠎ᠠ ᠲᠠᠢ ᠵᠠᠬᠢᠲᠠᠯ ᠰᠤᠷᠪᠤᠷᠵᠢᠯᠭ᠎ᠠ ᠶᠢᠨ ᠠᠵᠢᠯ ᠤᠨ ᠵᠤᠬᠢᠴᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/22
ᠬᠠᠷᠠᠴᠢᠨ ᠬᠤᠰᠢᠭᠤ ᠭᠤᠤᠯᠳᠠᠯᠭ᠎ᠠ ᠲᠠᠢ ᠵᠠᠬᠢᠲᠠᠯ ᠰᠤᠷᠪᠤᠷᠵᠢᠯᠭ᠎ᠠ ᠶᠢᠨ ᠠᠵᠢᠯ ᠤᠨ ᠵᠤᠬᠢᠴᠠᠭᠤᠯᠬᠤ ᠬᠤᠷᠠᠯ ᠬᠤᠷᠠᠯᠳᠤᠭᠤᠯᠪᠠ    10 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠲᠤᠰᠬᠠᠶ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ᠂  ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠰᠢᠭᠤᠨ ᠤ ᠤᠳᠤᠷᠢᠳᠤᠯᠭ᠎ᠠ ᠵᠠᠩ ᠶᠠᠨ᠂ ᠰᠢᠤᠢ ᠵᠢᠶᠠᠨ ᠬᠤᠢ᠂ ᠶᠠᠩ ᠸᠧᠨ ᠳ᠋ᠦᠩ᠂ ᠮᠠ ᠶᠦᠩ ᠭᠠᠩ ᠬᠤᠷᠠᠯ ᠳᠤ ᠤᠷᠤᠯᠴᠠᠪᠠ᠃    ᠬᠠᠷᠠᠴᠢᠨ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠪᠠ ᠠᠵᠢᠯ ᠶᠠᠪᠤᠳᠠᠯ ᠤᠨ ᠡᠷᠬᠡᠲᠦ ᠪᠠᠶᠢᠭᠤᠯᠭ᠎ᠠ ᠠᠴᠠ ᠳᠠᠬᠢᠨ ᠳᠠᠪᠲᠠᠨ ᠰᠤᠷᠪᠤᠯᠵᠢᠯᠠᠵᠤ ᠭᠡᠳᠡᠷᠭᠦ ᠤᠷᠤᠰᠬᠤ ᠶᠢ ᠵᠠᠰᠠᠬᠤ ᠨᠠᠶᠮᠠᠨ ᠵᠦᠶᠯ ᠤᠨ ᠠᠰᠠᠭᠤᠳᠠᠯ ᠤᠨ ᠲᠤᠬᠠᠶ ᠲᠣᠰ ᠲᠣᠰ ᠬᠠᠷᠢᠭᠤ ᠮᠡᠳᠡᠭᠦᠯᠦᠯᠲᠡ ᠬᠢᠵᠡᠶ᠃    ᠹᠠᠩ ᠷᠦᠢ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠭᠤᠸ᠋ᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠶᠳᠪᠦᠷᠢᠯᠡᠬᠦ ᠲᠠᠯ᠎ᠠ ᠪᠠᠷ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠬᠡᠷᠡᠭ ᠳᠠᠭᠠᠭᠠᠴᠢᠯᠠᠭᠰᠠᠨ ᠤᠳᠤᠷᠢᠳᠤᠯᠭ᠎ᠠ᠂ ᠬᠤᠰᠢᠭᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠰᠢᠶᠠᠩ ᠪᠠᠯᠭᠠᠰᠤ ︵ᠵᠡᠭᠡᠯᠢ︶ ᠶᠢᠨ ᠬᠠᠷᠢᠭᠤᠴᠠᠯᠭᠠᠲᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠷᠢᠭᠤᠴᠠᠯᠭ᠎ᠠ ᠪᠠᠨ ᠴᠢᠩᠭᠠᠳᠬᠠᠨ᠂ ᠶᠡᠭᠡ ᠬᠡᠮᠵᠢᠶᠡᠨ ᠤ ᠠᠵᠢᠯ ᠬᠢᠵᠦ᠂ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠭᠠᠷᠭᠠᠵᠤ᠂ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠳᠤ ᠪᠠᠭ᠎ᠠ ᠪᠤᠰᠤ ᠬᠦᠴᠦᠨ ᠴᠢᠳᠠᠯ ᠢᠶᠠᠨ ᠡᠷᠭᠦᠵᠡᠶ᠃ ᠬᠠᠮᠵᠢᠯᠴᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠴᠢᠩᠭᠠᠳᠬᠠᠬᠤ ᠬᠡᠷᠡᠭᠲᠡᠢ᠃ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ᠂ ᠭᠤᠸ᠋ᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ᠂ ᠰᠤᠷᠪᠤᠯᠵᠢᠯᠠᠭ᠎ᠠ ᠶᠢ ᠭᠥᠯᠢᠶᠡᠨ ᠠᠪᠴᠤ ᠢᠳᠬᠠᠨ ᠪᠤᠴᠠᠭᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号