ᠬᠤᠰᠢᠭᠤᠨ ᠨᠠᠮ ᠤᠨ ᠬᠤᠷᠢᠶᠠᠨ ᠤ ᠱᠦᠵᠢ ᠹᠠᠩ ᠷᠦᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ ᠪᠠᠶᠢᠴᠠᠭᠠᠨ ᠰᠤᠳᠤᠯᠤᠯᠲᠠ ᠬᠢᠪᠠ | 10 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠬᠤᠰᠢᠭᠤᠨ ᠤ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠣᠭᠤᠳᠬᠤ ᠭᠠᠵᠠᠷ ᠲᠤ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ ᠪᠠᠷ᠎ᠠ ᠪᠣᠯᠪᠠ᠃ | ᠹᠠᠩ ᠷᠦᠢ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠠᠷᠭᠠᠴᠠᠭᠰᠠᠨ ᠬᠠᠮᠢᠶ᠎ᠠ ᠪᠥᠬᠦᠶ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠬᠥᠮᠦᠰ ᠤᠨ ᠮᠡᠳᠡᠭᠡ ᠵᠠᠩᠭᠢ ᠬᠦᠷᠭᠡᠭᠰᠡᠨ ᠲᠤᠭ᠎ᠠ ᠪᠠᠷᠢᠮᠲᠠ᠂ ᠬᠢᠵᠢᠭ ᠤᠨ | ᠪᠠᠶᠢᠳᠠᠯ ᠤᠨ ᠭᠤᠤᠯᠳᠠᠯᠭ᠎ᠠ ᠲᠠᠢ ᠠᠶᠤᠯ ᠲᠦᠭᠰᠢᠭᠦᠷᠢ ᠲᠠᠢ ᠬᠥᠮᠦᠰ ᠢ ᠬᠢᠨᠠᠨ ᠬᠡᠮᠵᠢᠭᠰᠡᠨ ᠵᠢᠷᠤᠭ ᠢ ᠨᠠᠷᠢᠨ ᠬᠢᠨᠠᠮᠠᠭᠠᠶ | ᠪᠠᠶᠢᠴᠠᠭᠠᠨ ᠦᠵᠡᠪᠡ᠃ | ᠹᠠᠩ ᠷᠦᠢ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠬᠢᠵᠢᠭ ᠤᠨ | ᠪᠠᠶᠢᠳᠠᠯ ᠤᠨ ᠬᠦᠨᠳᠦ ᠨᠣᠴᠢᠲᠠᠶ ᠴᠢᠨᠠᠷ ᠪᠠ ᠰᠡᠷᠭᠡᠶᠢᠯᠡᠨ ᠡᠵᠡᠮᠳᠡᠬᠦ ᠡᠭᠦᠷᠭᠡ ᠶᠢᠨ ᠪᠡᠷᠬᠡ ᠬᠠᠲᠠᠭᠤᠵᠢᠯᠲᠤ ᠴᠢᠨᠠᠷ ᠢ | ᠭᠦᠨᠵᠡᠭᠡᠶ ᠲᠠᠨᠢᠵᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠵᠤ᠂ ᠠᠵᠢᠯ ᠤᠨ | ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠶᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠶ᠃ | ᠹᠠᠩ ᠷᠦᠢ ᠱᠠᠭᠠᠷᠳᠠᠭᠰᠠᠨ ᠨᠢ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠶᠡᠷᠦᠩᠬᠡᠶᠢᠯᠡᠨ ᠰᠤᠳᠤᠯᠤᠨ | ᠮᠠᠭᠠᠳᠯᠠᠬᠤ᠂ ᠵᠢᠵᠢᠭᠦᠷᠯᠡᠬᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠵᠡᠷᠭᠡ ᠡᠯ᠎ᠡ ᠵᠦᠶᠯ ᠤᠨ ᠠᠵᠢᠯ ᠢ | ᠦᠨᠡᠨ ᠬᠦ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠸ᠋ᠷ ᠢ ᠪᠠᠲᠤ ᠪᠠᠬᠢ ᠪᠥᠭᠡᠳ | ᠨᠢᠭᠲᠠ ᠰᠦᠯᠵᠢᠬᠦ ᠬᠡᠷᠡᠭᠲᠡᠶ᠃ | | | | | | ᠬᠢᠵᠢᠭ ᠤᠨ ᠪᠠᠶᠢᠳᠠᠯ ᠤᠨ ᠭᠤᠤᠯᠳᠠᠯᠭ᠎ᠠ ᠲᠠᠢ ᠠᠶᠤᠯ ᠲᠦᠭᠰᠢᠭᠦᠷᠢ ᠲᠠᠢ ᠬᠥᠮᠦᠰ ᠢ ᠬᠢᠨᠠᠨ ᠬᠡᠮᠵᠢᠬᠦ ᠵᠢᠷᠤᠭ ᠢ | ᠰᠢᠶᠠᠩ ᠪᠠᠯᠭᠠᠰᠤ ᠵᠡᠭᠡᠯᠢ ᠭᠤᠳᠤᠮᠵᠢ᠂ ᠵᠠᠰᠠᠭ ᠵᠠᠬᠢᠷᠭᠠᠨ ᠤ ᠲᠣᠰᠬᠤᠨ ᠪᠠ ᠨᠡᠶᠢᠭᠡᠮ ᠲᠣᠭᠤᠷᠢᠭ ᠲᠤ ᠬᠦᠷᠲᠡᠯ᠎ᠡ | ᠨᠠᠷᠢᠯᠢᠬᠵᠢᠭᠤᠯᠵᠤ᠂ ᠬᠤᠲᠠ ᠬᠥᠳᠡᠭᠡ ᠶᠢᠨ ᠰᠦᠯᠵᠢᠶᠡᠨ ᠤ ᠠᠵᠢᠯᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠳᠤᠮᠳᠠᠬᠢ ᠦᠶᠯᠡᠳᠦᠯ ᠢ ᠭᠦᠶᠴᠡᠳ ᠪᠠᠳᠠᠷᠠᠭᠤᠯᠤᠨ᠂ ᠰᠦᠯᠵᠢᠶᠡᠨ ᠤ ᠠᠵᠢᠯᠲᠠᠨ ᠤ ᠠᠵᠢᠯ ᠤᠨ | ᠢᠳᠡᠪᠬᠢᠵᠢᠯ ᠢ ᠳᠠᠶᠢᠴᠢᠯᠠᠵᠤ᠂ ᠵᠢᠯᠣᠭᠤᠳᠬᠤ ᠭᠠᠵᠠᠷ ᠲᠤ ᠰᠦᠯᠵᠢᠶᠡᠨ ᠤ ᠳᠣᠲᠣᠷᠠᠬᠢ ᠬᠢᠵᠢᠭ ᠤᠨ ᠪᠠᠶᠢᠳᠠᠯ ᠢ ᠴᠠᠭ | ᠲᠤᠬᠠᠶ ᠳᠤᠨᠢ ᠬᠠᠷᠢᠭᠤ ᠮᠡᠳᠡᠭᠦᠯᠵᠦ᠂ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡ | ᠰᠦᠯᠵᠢᠶ᠎ᠡ ᠶᠢ ᠪᠦᠷᠢᠯᠳᠦᠭᠦᠯᠵᠦ᠂ ᠪᠦᠬᠦᠨ ᠢ ᠬᠠᠮᠤᠷᠬᠤ ᠬᠡᠷᠡᠭᠲᠡᠶ᠃ ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ | ᠠᠵᠢᠯ ᠢ ᠴᠢᠩᠭ᠎ᠠ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ | | | | | | |