ᠪᠡᠭᠡᠵᠢᠩ ᠤᠨ ᠰᠢᠴᠧᠩ ᠲᠣᠭᠤᠷᠢᠭ ᠤᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠬᠠᠷᠠᠴᠢᠨ | ᠬᠤᠰᠢᠭᠤᠨ ᠳᠤ ᠬᠦᠷᠴᠦ ᠬᠠᠪᠰᠤᠷᠤᠨ ᠲᠡᠳᠬᠦᠬᠦ ᠠᠵᠢᠯ ᠢᠶᠠᠨ ᠵᠤᠬᠢᠴᠠᠭᠤᠯᠪᠠ | | 10 ᠰᠠᠷ᠎ᠠ ᠤᠨ 13 ᠤ ᠡᠳᠦᠷ᠂ ᠪᠡᠭᠡᠵᠢᠩ ᠤᠨ ᠰᠢᠴᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ | ᠰᠦᠨ ᠵᠢᠶᠦ᠋ᠨ ᠮᠢᠨ ᠰᠢᠴᠧᠩ ᠲᠣᠭᠤᠷᠢᠭ ᠤᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠢ ᠳᠠᠭᠠᠭᠤᠯᠤᠨ | ᠬᠠᠷᠠᠴᠢᠨ ᠬᠤᠰᠢᠭᠤᠨ ᠳᠤ ᠬᠦᠷᠴᠦ ᠠᠵᠢᠯ ᠪᠠᠶᠢᠴᠠᠭᠠᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠲᠠ ᠶᠢᠨ ᠳᠠᠷᠤᠭ᠎ᠠ ᠸᠠᠩ ᠸᠠᠩ ᠱᠧᠩ᠂ ᠪᠡᠭᠡᠵᠢᠩ ᠤᠨ ᠤᠯᠠᠭᠠᠨᠬᠠᠳᠠ ᠳᠤ ᠲᠣᠮᠢᠯᠠᠨ ᠰᠠᠭᠤᠯᠭᠠᠭᠰᠠᠨ ᠲᠦᠷ | ᠲᠤᠰᠢᠶᠠᠯ ᠡᠭᠦᠷᠭᠡᠯᠡᠭᠦᠯᠬᠦ ᠪᠦᠯᠬᠦᠮ ᠤᠨ ᠳᠠᠭᠠᠭᠤᠯᠤᠭᠴᠢ᠂ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ | ᠪᠢᠴᠢᠭ ᠤᠨ ᠳᠠᠷᠤᠭ᠎ᠠ ᠯᠢᠶᠠᠩ ᡁᠢ ᠭᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠪᠠᠷᠠᠭᠤᠨ | ᠬᠤᠲᠠ ᠲᠣᠭᠤᠷᠢᠭ ᠤᠨ ᠬᠠᠷᠠᠴᠢᠨ ᠬᠤᠰᠢᠭᠤᠨᠳᠤ ᠲᠣᠮᠢᠯᠠᠨ ᠰᠠᠭᠤᠯᠭᠠᠭᠰᠠᠨ ᠲᠦᠷ ᠲᠤᠰᠢᠶᠠᠯ ᠡᠭᠦᠷᠭᠡᠯᠡᠭᠦᠯᠬᠦ | ᠪᠦᠯᠬᠦᠮ ᠤᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠸᠠᠩ | ᠸᠧᠨ ᡁᠢ ᠵᠡᠷᠭᠡ ᠤᠳᠤᠷᠢᠳᠤᠯᠭ᠎ᠠ ᠪᠠᠷ᠎ᠠ ᠪᠣᠯᠪᠠ᠃ | ᠲᠥᠯᠥᠭᠡᠯᠡᠭᠴᠢᠳ ᠤᠨ ᠪᠦᠯᠬᠦᠮ ᠤᠨ ᠬᠢᠨ ᠤᠷᠢᠳ ᠬᠤᠵᠢᠳ ᠵᠢᠨᠱᠠᠨ ᠤᠳᠤ ᠦᠶ᠎ᠡ ᠶᠢᠨ ᠲᠠᠷᠢᠶᠠᠯᠠᠩ ᠤᠨ | ᠠᠵᠤ ᠦᠢᠯᠡᠰ ᠤᠨ ᠬᠦᠷᠢᠶᠡᠯᠡᠩ ᠢ ᠰᠢᠨᠵᠢᠯᠡᠨ ᠪᠠᠶᠢᠴᠠᠭᠠᠵᠤ᠂ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ | ᠠᠬᠢᠴᠠ ᠶᠢᠨ ᠪᠠᠶᠢᠳᠠᠯ ᠪᠣᠯᠤᠨ ᠵᠤᠯᠵᠠᠭ᠎ᠠ ᠮᠣᠳᠣᠨ ᠤ ᠤᠷᠭᠤᠯᠳᠠ ᠶᠢᠨ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠪᠠ᠃ | ᠮᠠ ᠠᠨ ᠱᠠᠨ ᠤᠢ ᠰᠢᠭᠤᠢ ᠶᠢᠨ ᠲᠠᠯᠠᠪᠠᠢ ᠪᠣᠯᠤᠨ ᠮᠠ ᠠᠨ ᠱᠠᠨ ᠲᠣᠰᠬᠤᠨ ᠤ ᠠᠷᠠᠳ ᠤᠨ ᠵᠥᠪᠯᠡᠯ ᠳᠤ | ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠨ ᠪᠠᠶᠢᠴᠠᠭᠠᠬᠤ ᠵᠠᠮ ᠱᠤᠭᠤᠮ ᠢ ᠲᠣᠭᠤᠷᠢᠨ ᠦᠵᠡᠵᠦ᠂ | ᠲᠤᠬᠠᠢ ᠶᠢᠨ ᠭᠠᠵᠠᠷ ᠤᠨ ᠬᠦᠴᠢᠷᠳᠡᠯᠲᠡᠢ ᠤᠯᠠᠨ ᠲᠦᠮᠡᠨ ᠢ ᠡᠷᠬᠢᠨ ᠦᠵᠡᠵᠦ ᠲᠣᠬᠤᠨᠢᠭᠤᠯᠵᠠᠢ᠃ | ᠣᠶᠢᠯᠠᠭᠠᠭᠰᠠᠨ ᠢᠶᠠᠷ᠂ ᠰᠢᠴᠧᠩ ᠲᠣᠭᠤᠷᠢᠭ ᠪᠣᠯᠤᠨ ᠬᠠᠷᠠᠴᠢᠨ ᠬᠤᠰᠢᠭᠤ ︽ᠠᠵᠢᠯ ᠲᠥᠷᠥᠯ ᠤᠨ | ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠬᠡᠯᠡᠯᠴᠡᠭᠡᠷ︾ ᠢ ᠵᠢᠩᠬᠢᠨᠢ ᠪᠠᠷ ᠲᠣᠭᠲᠠᠭᠰᠠᠨ ᠠᠴᠠ ᠨᠠᠰᠢ᠂ ᠬᠤᠶᠠᠷ | ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠯᠢᠭ | ᠤᠨᠤᠪᠴᠢᠲᠠᠢ ᠪᠠᠷ ᠶᠠᠳᠠᠭᠤ ᠶᠢ ᠲᠡᠳᠬᠦᠬᠦ ᠠᠷᠭ᠎ᠠ ᠪᠣᠳᠣᠯᠭ᠎ᠠ ᠶᠢ ᠭᠦᠨᠵᠡᠭᠡᠶ ᠲᠤᠤᠱᠠᠯᠠᠭᠤᠯᠤᠨ᠂ ᠪᠥᠬᠦ ᠬᠦᠴᠦ | ᠪᠠᠷ ᠢᠶᠠᠨ ᠴᠢᠷᠮᠠᠶᠢᠨ ᠠᠵᠢᠯᠯᠠᠵᠤ᠂ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ | ᠯᠠᠪᠳᠠᠭᠤᠨ ᠢᠶᠠᠷ ᠠᠬᠢᠭᠤᠯᠤᠭᠰᠠᠨ ᠪᠠᠶᠢᠨ᠎ᠠ᠃ | ᠰᠠᠭᠤᠳᠠᠯ ᠤᠨ ᠬᠤᠷᠠᠯ ᠳᠡᠭᠡᠷ᠎ᠡ᠂ ᠸᠠᠩ ᠸᠠᠩ ᠱᠧᠩ ᠪᠡᠭᠡᠵᠢᠩ ᠤᠨ ᠰᠢᠴᠧᠩ ᠲᠣᠭᠤᠷᠢᠭ ᠤᠨ ᠪᠡᠭᠡᠵᠢᠩ | ᠥᠪᠥᠷ ᠮᠣᠩᠭᠤᠯ ᠢ ᠬᠠᠪᠰᠤᠷᠤᠨ ᠲᠡᠳᠬᠦᠬᠦ ᠠᠵᠢᠯ ᠤᠨ ᠳᠤᠮᠳᠠ ᠤᠯᠠᠭᠠᠨᠬᠠᠳᠠ ᠬᠤᠳᠠ ᠶᠢ ᠶᠡᠬᠡᠪᠡᠷ ᠳᠡᠮᠵᠢᠭᠰᠡᠨ ᠳᠤ | ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠤᠯᠤᠭᠰᠡᠨ ᠲᠡᠭᠦᠰᠬᠡᠯ ᠨᠢ ᠰᠢᠴᠧᠩ | ᠲᠣᠭᠤᠷᠢᠭ ᠤᠨ ᠬᠠᠷᠠᠴᠢᠨ ᠯᠤᠭ᠎ᠠ ᠬᠠᠮᠲᠤᠪᠠᠷ ᠤᠷᠤᠭᠰᠢᠯᠠᠵᠤ᠂ ᠬᠠᠮᠲᠤᠪᠠᠷ ᠬᠦᠴᠦᠯᠡᠭᠰᠡᠨ ᠴᠢᠬᠤᠯᠠ ᠦᠷ᠎ᠡ | ᠪᠦᠲᠦᠭᠡᠯ ᠪᠣᠯᠤᠨ᠎ᠠ᠂ ᠡᠨᠡ ᠨᠢ ᠬᠤᠶᠠᠷ ᠭᠠᠵᠠᠷ ᠤᠨ ᠠᠷᠠᠳ ᠲᠦᠮᠡᠨ ᠤ ᠭᠠᠷ ᠬᠤᠯᠪᠣᠨ ᠴᠢᠨᠡᠭᠡᠯᠢᠭᠵᠢᠬᠦ ᠠᠶᠠᠨ | ᠵᠠᠮ ᠳᠤ ᠠᠯᠬᠤᠭᠰᠠᠨ ᠢ ᠬᠠᠷᠠᠭᠤᠯᠵᠤ ᠪᠤᠢ᠂ ᠬᠤᠶᠢᠰᠢᠳᠠ ᠬᠤᠶᠠᠷ ᠭᠠᠵᠠᠷ ᠤᠨ ᠬᠠᠪᠰᠤᠷᠤᠨ ᠲᠡᠳᠬᠦᠬᠦ | ᠬᠠᠮᠵᠢᠯᠴᠠᠭᠠᠨ ᠤ ᠠᠵᠢᠯ ᠢ ᠤᠯᠠᠮ ᠴᠢᠨᠠᠭᠰᠢᠳᠠ ᠴᠢᠩᠭᠠᠳᠬᠠᠨ ᠰᠠᠶᠢᠲᠤᠷ ᠬᠢᠬᠦ ᠪᠣᠯᠤᠨ᠎ᠠ ᠭᠡᠵᠡᠢ᠃ | ᠹᠠᠩ ᠷᠦᠢ ᠲᠤᠰ ᠲᠤᠰ ᠬᠠᠷᠠᠴᠢᠨ ᠬᠤᠰᠢᠭᠤᠨ ᠤ ᠦᠨᠳᠦᠰᠦᠨ ᠪᠠᠶᠢᠳᠠᠯ᠂ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠤᠭᠰᠠᠨ ᠪᠠᠶᠢᠳᠠᠯ᠂ ᠪᠡᠭᠡᠵᠢᠩ | ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠵᠦ ᠬᠠᠮᠵᠢᠯᠴᠠᠭᠰᠠᠨ ᠪᠠᠶᠢᠳᠠᠯ | ᠪᠣᠯᠤᠨ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠰᠡᠳᠬᠢᠮᠵᠢ ᠶᠢᠨ ᠲᠤᠬᠠᠶ ᠰᠢᠨᠵᠢᠯᠡᠨ ᠪᠠᠶᠢᠴᠠᠭᠠᠬᠤ | ᠪᠦᠯᠬᠦᠮ ᠳᠤ ᠲᠠᠨᠢᠯᠴᠠᠭᠤᠯᠪᠠ᠃ ᠡᠭᠦᠨ ᠤ ᠬᠠᠮᠲᠤ ᠲᠠᠷᠠᠭᠠᠴᠢ ᠶᠢᠨ ᠠᠯᠬᠤᠮ ᠳᠤ ᠬᠤᠶᠠᠷ ᠲᠠᠯ᠎ᠠ ᠶᠢᠨ ᠬᠠᠪᠰᠤᠷᠤᠨ | ᠲᠡᠳᠬᠦᠬᠦ ᠬᠠᠮᠵᠢᠯᠴᠠᠭ᠎ᠠ ᠶᠢᠨ ᠲᠠᠯ᠎ᠠ ᠪᠠᠷ ᠬᠠᠷᠠᠴᠢᠨ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ | ᠣᠷᠣᠭᠤᠯᠬᠤ ᠶᠢ ᠢᠳᠡᠪᠬᠢᠲᠡᠶ ᠳᠥᠯᠭᠢᠨ ᠠᠬᠢᠭᠤᠯᠬᠤ ᠬᠡᠷᠡᠭᠲᠡᠶ ᠭᠡᠵᠦ ᠳᠤᠷᠠᠳᠤᠨ ᠭᠠᠷᠭᠠᠭᠰᠠᠨ ᠪᠥᠭᠡᠳ ᠰᠢᠴᠧᠩ | ᠲᠣᠭᠤᠷᠢᠭ ᠢ ᠤᠷᠢᠵᠤ ᠬᠠᠷᠠᠴᠢᠨ ᠬᠤᠰᠢᠭᠤᠨ ᠳᠤ ᠴᠢᠳᠠᠪᠤᠷᠢᠲᠠᠨ ᠡᠯᠰᠡᠵᠦ ᠣᠶᠤᠨ ᠤᠬᠠᠭᠠᠨ ᠠᠪᠴᠢᠷᠠᠵᠤ᠂ ᠨᠠᠩ | ᠣᠯᠠᠨ ᠠᠵᠤ ᠠᠬᠤᠶᠢᠯᠠᠯᠲᠠᠨ ᠢ ᠬᠠᠷᠠᠴᠢᠨ ᠬᠤᠰᠢᠭᠤᠨ ᠳᠤ ᠢᠷᠡᠵᠦ ᠪᠠᠯᠠ ᠣᠷᠣᠭᠤᠯᠤᠨ ᠦᠶᠯᠡᠰ ᠬᠥᠭᠵᠢᠭᠦᠯᠬᠦ ᠶᠢ | ᠠᠬᠢᠭᠤᠯᠵᠤ᠂ ᠴᠢᠳᠠᠪᠤᠷᠢᠲᠠᠨ ᠤ ᠰᠣᠯᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ ᠭᠡᠵᠡᠶ᠃ | ᠰᠦᠨ ᠵᠢᠶᠦ᠋ᠨ ᠮᠢᠨ ᠵᠢᠭᠠᠵᠤ ᠭᠠᠷᠭᠠᠬᠤ ᠳᠠᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢᠨ ᠭᠦᠨᠴᠡ᠂ ᠥᠷᠭᠡᠴᠡ᠂ ᠬᠦᠴᠢᠷ ᠤᠨ ᠬᠡᠮᠵᠢᠶ᠎ᠡ ᠨᠢ | ᠴᠥᠮ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠠᠴᠠ ᠳᠣᠣᠷ᠎ᠠ ᠦᠭᠡᠶ᠂ ᠰᠢᠨ᠎ᠡ | ᠬᠥᠭᠵᠢᠯᠲᠡ ᠶᠢᠨ ᠱᠠᠲᠤ ᠦᠶ᠎ᠡ ᠶᠢᠨ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠰᠢᠴᠧᠩ ᠲᠣᠭᠤᠷᠢᠭ ᠲᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ | ᠥᠭᠦᠯᠡᠯᠲᠡ ᠶᠢ ᠭᠦᠨᠵᠡᠭᠡᠶ ᠲᠤᠤᠱᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠰᠠᠶᠢᠨ | ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠪᠠᠷᠢᠮᠲᠠᠯᠠᠵᠤ᠂ ᠬᠠᠷᠠᠴᠢᠨ ᠲᠠᠢ ᠦᠷᠭᠦᠯᠵᠢᠯᠡᠨ ᠡᠯ᠎ᠡ ᠬᠦᠷᠢᠶᠡᠨ ᠤ | ᠬᠠᠮᠵᠢᠯᠴᠠᠭ᠎ᠠ ᠥᠷᠨᠢᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠴᠢᠳᠠᠪᠤᠷᠢᠲᠠᠨ ᠤ ᠶᠠᠪᠤᠯᠴᠠᠭ᠎ᠠ ᠵᠡᠷᠭᠡ | ᠬᠦᠷᠢᠶᠡᠨ ᠤ ᠬᠤᠣᠰᠯᠠᠨ ᠬᠠᠪᠰᠤᠷᠤᠯᠴᠠᠵᠤ ᠬᠠᠪᠰᠤᠷᠤᠨ ᠲᠡᠳᠬᠦᠬᠦ ᠶᠢ ᠦᠷᠭᠦᠯᠵᠢᠯᠡᠨ ᠴᠢᠩᠭᠠᠳᠬᠠᠵᠤ᠂ ᠬᠠᠪᠰᠤᠷᠤᠨ | ᠲᠡᠳᠬᠦᠬᠦ ᠠᠷᠭ᠎ᠠ ᠬᠡᠮᠵᠢᠶ᠎ᠡ ᠶᠢ ᠳᠠᠰᠤᠷᠠᠯᠳᠠ ᠦᠭᠡᠢ ᠪᠦᠷᠢᠨᠰᠢᠬᠦᠯᠵᠦ᠂ ᠬᠠᠪᠰᠤᠷᠤᠨ ᠲᠡᠳᠬᠦᠬᠦ ᠶᠠᠰᠤ ᠴᠢᠨᠠᠷ ᠢ | ᠳᠡᠭᠡᠭᠰᠢᠯᠡᠭᠦᠯᠵᠦ᠂ ᠺᠠᠳ᠋ᠷ ᠤᠨ ᠰᠣᠯᠢᠯᠴᠠᠭ᠎ᠠ᠂ ᠳᠦᠷᠢᠮ ᠤᠨ ᠪᠠᠶᠢᠭᠤᠯᠤᠯᠲᠠ᠂ ᠡᠬᠢ ᠪᠠᠶᠠᠯᠢᠭ ᠤᠨ ᠬᠠᠷᠢᠯᠴᠠᠨ | ᠨᠥᠬᠦᠪᠥᠷᠢᠯᠡᠬᠦ ᠵᠡᠷᠭᠡ ᠲᠠᠯ᠎ᠠ ᠪᠠᠷ ᠰᠤᠳᠤᠯᠭᠠᠨ ᠪᠠ ᠭᠦᠨᠵᠡᠭᠡᠢ ᠰᠣᠯᠢᠯᠴᠠᠭ᠎ᠠ ᠶᠢ ᠴᠢᠨᠠᠭᠰᠢᠳᠠ ᠴᠢᠩᠭᠠᠳᠬᠠᠵᠤ᠂ | ᠬᠤᠶᠠᠷ ᠲᠠᠯ᠎ᠠ ᠶᠢᠨ ᠡᠬᠢ ᠪᠠᠶᠠᠯᠢᠭ ᠤᠨ ᠳᠠᠪᠠᠭᠤᠯᠢᠭ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠨ᠎ᠡ᠃ |