ᠰᠥᠩ ᠢᠦᠢ ᠵᠢᠶᠠᠨ ᠬᠠᠷᠠᠴᠢᠨ ᠬᠤᠰᠢᠭᠤᠨ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2021/10/26
ᠰᠥᠩ ᠢᠦᠢ ᠵᠢᠶᠠᠨ ᠬᠠᠷᠠᠴᠢᠨ ᠬᠤᠰᠢᠭᠤᠨ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ     10 ᠰᠠᠷ᠎ᠠ ᠶᠢᠨ 25 ᠤ ᠡᠳᠦᠷ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠰᠥᠩ ᠢᠦᠢ ᠵᠢᠶᠠᠨ ᠬᠠᠷᠠᠴᠢᠨ ᠬᠤᠰᠢᠭᠤᠨ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ᠂ ᠳᠡᠳ᠋ ᠬᠤᠰᠢᠭᠤᠨ ᠳᠠᠷᠤᠭ᠎ᠠ ᠸᠠᠩ ᠯᠢ ᠭᠦᠸᠧ ᠪᠠᠷ᠎ᠠ ᠪᠣᠯᠪᠠ᠃     ᠰᠢᠪᠠᠳᠠᠨ ᠵᠢᠯᠣᠭᠤᠳᠬᠤ ᠳᠤᠭᠤᠶᠢᠯᠠᠩ ᠤᠷᠢᠳ ᠬᠤᠵᠢᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠂ ᠵᠢᠨᠱᠠᠨ ᠳᠤᠮᠳᠠᠳᠤ ᠰᠤᠷᠭᠠᠭᠤᠯᠢ᠂ ᠬᠤᠰᠢᠭᠤᠨ ᠤ ᠬᠢᠵᠢᠭ ᠤᠨ ᠪᠠᠶᠢᠳᠠᠯ ᠢ ᠲᠤᠰᠠᠭᠠᠷᠯᠠᠬᠤ ᠭᠠᠵᠠᠷ᠂ ᠪᠢᠨ ᠵᠢᠶᠠᠩ ᠬᠤᠸᠠ ᠶᠤᠸᠠᠨ ᠲᠣᠭᠤᠷᠢᠭ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠵᠤ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠮᠡᠳᠡᠭᠡ ᠵᠠᠩᠭᠢ ᠶᠢ ᠴᠤᠭᠯᠠᠭᠤᠯᠤᠨ ᠵᠠᠳᠠᠯᠬᠤ᠂ ᠠᠵᠢᠯᠲᠠᠨ ᠢ ᠪᠣᠯᠪᠠᠰᠤᠷᠠᠭᠤᠯᠬᠤ᠂ ᠡᠳ᠋ ᠪᠣᠳᠠᠰ ᠢ ᠨᠥᠭᠡᠴᠡᠯᠡᠬᠦ ᠵᠡᠷᠭᠡ ᠠᠵᠢᠯ ᠤᠨ ᠠᠬᠢᠴᠠ ᠶᠢ ᠣᠶᠢᠯᠠᠭᠠᠪᠠ᠃ ᠰᠢᠪᠠᠳᠠᠨ ᠵᠢᠯᠣᠭᠤᠳᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠷᠢᠨ ᠪᠣᠳᠠᠲᠠᠶ ᠠᠳᠬᠤᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠬᠢᠷᠠᠭ ᠶᠢ ᠡᠷᠡᠰ ᠬᠠᠮᠠᠭᠠᠯᠠᠬᠤ ᠬᠡᠷᠡᠭᠲᠡᠶ᠃     ᠰᠥᠩ ᠢᠦᠢ ᠵᠢᠶᠠᠨ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠳᠤ᠂ ᠣᠷᠣᠨ ᠤ ᠳᠣᠲᠣᠷ᠎ᠠ ᠭᠠᠷᠤᠭᠰᠠᠨ ᠰᠢᠨ᠎ᠡ ᠨᠢᠭᠡ ᠤᠳᠠᠭᠠᠨ ᠤ ᠬᠢᠵᠢᠭ ᠤᠨ ᠪᠠᠶᠢᠳᠠᠯ ᠨᠢᠭᠡᠨᠲᠡ 10 ᠮᠤᠵᠢ ᠣᠷᠣᠨ ᠬᠤᠲᠠ ᠶᠢ ᠬᠠᠮᠤᠷᠴᠤ᠂ ᠬᠠᠯᠳᠠᠪᠤᠷᠢᠯᠠᠬᠤ ᠬᠡᠯᠬᠢᠶ᠎ᠡ ᠨᠢ ᠣᠷᠳᠣ᠂ ᠬᠡᠪᠴᠢᠶ᠎ᠡ ᠨᠢ ᠥᠷᠭᠡᠨ ᠪᠠᠶᠢᠵᠤ᠂ ᠰᠡᠷᠭᠡᠶᠢᠯᠡᠨ ᠡᠵᠡᠮᠳᠡᠬᠦ ᠪᠠᠶᠢᠳᠠᠯ ᠲᠦᠢᠯ ᠤᠨ ᠬᠦᠨᠳᠦ ᠨᠣᠴᠢᠲᠠᠶ ᠪᠠᠶᠢᠨ᠎ᠠ᠃ ᠡᠯ᠎ᠡ ᠰᠠᠯᠠᠭ᠎ᠠ ᠮᠥᠴᠢᠷ ᠤᠨ  ᠬᠢᠨ ᠥᠴᠦᠬᠡᠨ ᠴᠦ ᠴᠠᠯᠠᠭᠠᠶᠢᠷᠠᠵᠤ ᠪᠣᠯᠬᠤ ᠦᠭᠡᠢ᠂ ᠥᠴᠦᠬᠡᠨ ᠴᠦ ᠭᠤᠷᠢᠳᠠᠬᠤ ᠰᠡᠳᠬᠢᠴᠡ ᠲᠠᠢ ᠪᠠᠶᠢᠵᠤ ᠪᠣᠯᠬᠤ ᠦᠭᠡᠢ᠂ ᠶᠠᠮᠠᠷᠪᠠ ᠭᠤᠭᠴᠤᠭ᠎ᠠ ᠶᠢ ᠴᠤ ᠰᠤᠯᠠᠷᠠᠭᠤᠯᠵᠤ ᠪᠣᠯᠬᠤ ᠦᠭᠡᠢ᠂ ᠡᠷᠬᠡᠪᠰᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠮᠤ ᠳ᠋ᠠᠶᠢᠲ᠋ᠠ ᠶᠢ ᠵᠠᠳᠠᠯᠤᠨ ᠬᠡᠷᠡᠭᠯᠡᠬᠦ ᠶᠢ ᠴᠢᠩᠭᠠᠳᠬᠠᠵᠤ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ︾ ᠨᠢᠭᠡᠳᠦᠭᠡᠷ ᠪᠣᠭᠤᠮᠲᠠ ᠶᠢ ᠰᠠᠶᠢᠲᠤᠷ ᠰᠠᠬᠢᠬᠤ ᠬᠡᠷᠡᠭᠲᠡᠢ᠃ ᠭᠤᠤᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ᠳᠤᠮᠳᠠ ᠲᠦᠭᠰᠢᠭᠦᠷᠢ ᠶᠡᠬᠡᠲᠡᠶ ᠭᠠᠵᠠᠷ ᠣᠷᠣᠨ ᠤ ᠪᠤᠴᠠᠵᠤ ᠢᠷᠡᠭᠰᠡᠨ ᠬᠥᠮᠦᠰ ᠢ ᠬᠠᠮᠤᠭ ᠤᠨ ᠲᠡᠷᠢᠭᠦᠨ ᠳᠤ ᠵᠢᠭᠰᠠᠭᠠᠨ ᠪᠠᠶᠢᠴᠠᠭᠠᠵᠤ᠂ ᠬᠠᠮᠢᠶᠠᠷᠤᠨ ᠡᠵᠡᠮᠳᠡᠬᠦ ᠬᠠᠷᠠᠭᠠᠨ ᠳᠤ ᠣᠷᠣᠭᠤᠯᠤᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠮᠨᠡᠯᠭᠡ ᠶᠢᠨ ᠠᠵᠢᠯ᠂ ᠵᠠᠮ ᠬᠠᠷᠢᠯᠴᠠᠭ᠎ᠠ᠂ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡ ᠵᠡᠷᠭᠡ ᠠᠵᠢᠯ ᠲᠥᠷᠥᠯ ᠤᠨ ᠠᠵᠢᠯᠯᠠᠭᠰᠠᠳ ᠲᠤ ᠲᠣᠭᠲᠠᠮᠠᠯ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠸᠠᠺᠼᠢᠨ ᠤ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠬᠥᠮᠦᠰ ᠲᠤ ᠲᠠᠷᠢᠯᠭ᠎ᠠ ᠶᠢ ᠱᠠᠯᠠᠪᠳᠠᠨ ᠠᠬᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠴᠢᠩᠭ᠎ᠠ ᠠᠩᠬᠠᠷᠴᠤ᠂ ᠵᠣᠬᠢᠴᠠᠭᠤᠯᠵᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠬᠦ ᠬᠡᠷᠡᠭᠲᠡᠶ᠃     ᠰᠥᠩ ᠢᠦᠢ ᠵᠢᠶᠠᠨ ᠴᠢᠬᠤᠯᠠᠴᠢᠯᠠᠬᠤ ᠳᠠᠭᠠᠨ᠂ ᠦᠵᠡᠯ ᠰᠠᠨᠠᠭ᠎ᠠ ᠪᠠᠨ ᠳᠠᠬᠢᠨ ᠴᠢᠬᠤᠯᠠᠴᠢᠯᠠᠵᠤ᠂ ᠠᠷᠭ᠎ᠠ ᠬᠡᠮᠵᠢᠶ᠎ᠡ ᠪᠠᠨ ᠳᠠᠬᠢᠨ ᠴᠢᠩᠭᠠᠷᠠᠭᠤᠯᠵᠤ᠂ ᠬᠠᠷᠢᠭᠤᠴᠠᠯᠭ᠎ᠠ ᠪᠠᠨ ᠳᠠᠬᠢᠨ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠤᠨ ᠣᠷᠣᠵᠤ ᠢᠷᠡᠬᠦ ᠠᠶᠤᠯ ᠲᠦᠭᠰᠢᠭᠦᠷᠢ ᠪᠠ ᠳᠠᠯᠳᠠ ᠬᠡᠮ ᠢ ᠡᠷᠡᠰ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠡᠶ ᠃ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠴᠢᠩᠭᠠᠳᠬᠠᠨ᠂  ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠳᠤᠲᠠᠭᠳᠠᠯ ᠥᠬᠡᠶ᠂ ᠪᠠᠯᠠᠶ ᠭᠠᠵᠠᠷ ᠥᠬᠡᠶ᠂ ᠥᠯᠥ ᠣᠨᠣᠭᠳᠠᠬᠤ ᠭᠠᠵᠠᠷ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号